ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭᠠᠨ ᠤ ᠪᠥᠬᠦᠳᠡ  ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/23
        ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ      ᠠᠷᠪᠠᠨ ᠨᠢᠭᠡᠳᠦᠭᠡᠷ ᠤᠳᠠᠭᠠᠨ ᠤ ᠪᠦᠭᠦᠳᠡ ᠬᠤᠷᠠᠯ ᠤᠨ ᠠᠯᠪᠠᠨ ᠮᠡᠳᠡᠭᠡ    ︵2025 ᠣᠨ ᠤ 1 ᠰᠠᠷ᠎ᠠ ᠶᠢᠨ 20 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ    ᠠᠷᠪᠠᠨ ᠨᠢᠭᠡᠳᠦᠭᠡᠷ ᠤᠳᠠᠭᠠᠨ ᠤ ᠪᠦᠭᠦᠳᠡ  ᠬᠤᠷᠠᠯ ᠠᠴᠠ ᠪᠠᠲᠤᠯᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 20 ᠤ ᠡᠳᠦᠷ ᠰᠢᠨ ᠾᠦᠢ ᠳᠤ ᠬᠤᠷᠠᠯᠳᠤᠪᠠ᠃    ᠲᠣᠰ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 33 ᠬᠥᠮᠦᠨ᠂ ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠬᠤᠰᠢᠭᠤᠨ ᠱᠠᠲᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ᠂ ᠬᠡᠰᠡᠭ ᠠᠵᠤ ᠠᠬᠤᠶᠢᠯᠠᠯ᠂ ᠬᠤᠷᠰᠢᠶ᠎ᠠ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠶᠠᠷᠢᠶ᠎ᠠ ᠲᠠᠯᠪᠢᠪᠠ᠃    ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠡᠷᠡᠰ  ᠲᠤᠭᠤᠰᠢᠯᠠᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠪᠠᠲᠤ ᠬᠦᠴᠦᠲᠡᠶ ᠪᠠᠶᠢᠵᠤ᠂ ᠬᠤᠶᠠᠷ ᠶᠡᠭᠡ ᠶᠠᠪᠤᠳᠠᠯ ᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠠᠵᠤ ᠠᠬᠤᠶᠢᠯᠠᠯ ᠢ ᠲᠣᠭᠲᠠᠭᠤᠨ ᠢᠶᠠᠷ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠤᠯᠤᠰ ᠲᠥᠷᠥ ᠠᠮᠢ ᠠᠬᠤᠶ ᠶᠢ ᠴᠡᠪᠡᠷᠰᠢᠭᠦᠯᠦᠨ ᠰᠢᠯᠢᠳᠡᠭᠵᠢᠭᠦᠯᠵᠦ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠦᠢᠯᠡᠰ ᠰᠢᠨ᠎ᠡ ᠦᠷ᠎ᠡ ᠪᠦᠲᠦᠮᠵᠢ᠂ ᠰᠢᠨ᠎ᠡ ᠠᠬᠢᠴᠠ ᠲᠠᠢ ᠪᠣᠯᠪᠠ ᠭᠡᠵᠦ ᠰᠠᠨᠠᠯ ᠨᠢᠭᠡᠲᠡᠶ ᠪᠠᠶᠢᠪᠠ᠃    ᠪᠥᠬᠦᠳᠡ ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ᠂ ᠪᠥᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠶᠡᠭᠡ ᠦᠢᠯᠡᠰ ᠪᠦᠲᠦᠭᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ  ᠂  ᠭᠦᠨ ᠵᠤᠵᠠᠭᠠᠨ  ᠬᠤᠷᠠᠮᠳᠤᠯ ᠬᠦᠴᠦᠨ ᠤ ᠡᠨᠧᠷᠬᠢ ᠬᠠᠳᠠᠭᠠᠯᠠᠬᠤ ᠬᠦᠴᠦᠨ ᠤ ᠬᠤᠭᠤᠴᠠᠭ᠎ᠠ᠂ ᠤᠷᠤᠭᠰᠢᠯᠠᠬᠤ ᠦᠭᠡᠢ ᠪᠣᠯ ᠤᠬᠤᠷᠢᠬᠤ ᠬᠡᠯᠪᠡᠷᠢ ᠪᠠᠨ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ ᠶᠢ ᠣᠨᠣᠪᠴᠢᠲᠠᠶ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠠᠰᠢᠭ ᠥᠬᠡᠶ ᠨᠥᠯᠥᠭᠡ ᠶᠢ ᠢᠯᠠᠨ ᠳᠠᠪᠠᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠤᠬᠠᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠵᠢᠭᠠᠨ ᠭᠠᠷᠭᠠᠪᠠ᠃    ᠪᠥᠬᠦᠳᠡ ᠬᠤᠷᠠᠯ ᠠᠴᠠ᠂ 2025 ᠣᠨ ᠤ ᠪᠥᠬᠦ ᠬᠤᠰᠢᠭᠤᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠲᠣᠭᠲᠠᠭᠤᠨ ᠡᠷᠡᠭᠦᠯ ᠢᠶᠠᠷ ᠠᠵᠢᠯᠯᠠᠬᠤ ᠶᠢ ᠠᠬᠢᠭᠤᠯᠵᠤ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠳᠠᠭᠤᠰᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠦ ᠵᠢᠭᠠᠨ ᠭᠠᠷᠭᠠᠪᠠ᠃    ᠪᠥᠬᠦᠳᠡ ᠬᠤᠷᠠᠯ ᠠᠴᠠ᠂ ᠡᠨᠡ ᠵᠢᠯ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃ ᠨᠢᠭᠡ ᠳᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ︽ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ︾ ᠪᠠ ᠤᠯᠠᠭᠠᠨᠬᠠᠳᠠ ᠬᠤᠲᠠ ᠶᠢᠨ ︽ᠴᠢᠬᠤᠯᠠ ᠶᠡᠭᠡ ᠲᠥᠷᠥᠯ ᠵᠦᠢᠯ ᠤᠨ ᠬᠥᠲᠥᠯᠦᠨ ᠳᠠᠭᠠᠭᠤᠯᠬᠤ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ︽ᠶᠠᠭᠤ ᠣᠷᠤᠭᠤᠯᠬᠤ᠂ ᠬᠡᠷᠬᠢᠨ ᠣᠷᠤᠭᠤᠯᠬᠤ᠂ ᠬᠡᠨ ᠣᠷᠤᠭᠤᠯᠬᠤ︾᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠨᠠᠶᠢᠳᠠᠪᠤᠷᠢᠵᠢᠭᠤᠯᠬᠤ ᠳᠤ ᠬᠦᠴᠢᠷ᠂ ᠠᠬᠢᠭᠤᠯᠬᠤ ᠨᠢ ᠤᠳᠠᠭᠠᠨ᠂ ᠦᠷ᠎ᠡ ᠪᠦᠲᠦᠮᠵᠢ ᠨᠢ ᠤᠳᠠᠭᠠᠨ︾᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ︽  ᠨᠦᠭᠦᠴᠡᠯ ᠨᠢ ᠥᠨᠳᠥᠷ᠂ ᠶᠠᠪᠤᠴᠠ ᠨᠢ ᠪᠣᠳᠤᠯᠢᠶᠠᠨᠳᠠᠢ᠂ ᠪᠡᠶᠡᠯᠡᠭᠦᠯᠬᠦ ᠳᠤ ᠬᠦᠴᠢᠷ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠤᠯᠠᠨ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠬᠦᠴᠦᠯᠡᠨ ᠠᠭᠤᠳᠠᠯᠬᠤ ᠪᠠ ᠪᠠᠳᠠᠷᠠᠭᠤᠯᠤᠨ᠎ᠠ᠃ ᠪᠥᠬᠦ ᠬᠤᠰᠢᠭᠤᠨ ᠤ ᠬᠥᠮᠦᠨ ᠠᠮᠠ ᠶᠢᠨ ᠲᠤᠭ᠎ᠠ ᠬᠡᠮᠵᠢᠶ᠎ᠡ ᠪᠠᠷ ᠣᠯᠠᠨ᠂ ᠵᠠᠬ᠎ᠠ ᠳᠡᠯᠭᠡᠭᠦᠷ ᠤᠨ ᠬᠡᠪᠴᠢᠶ᠎ᠡ ᠪᠠᠷ ᠶᠡᠭᠡ ᠪᠠᠶᠢᠭᠠᠯᠢ ᠶᠢᠨ ᠳᠠᠪᠠᠭᠤᠯᠢᠭ ᠢ  ᠭᠦᠢᠴᠡᠳ ᠠᠰᠢᠭᠯᠠᠨ᠂ ᠭᠤᠤᠯᠳᠠᠯᠭ᠎ᠠ ᠶᠢ ᠲᠣᠭᠲᠠᠪᠤᠷᠢᠵᠢᠭᠤᠯᠵᠤ᠂ ᠲᠠᠪᠴᠠᠩ ᠪᠠᠶᠢᠭᠤᠯᠤᠨ᠂ ᠠᠴᠢᠶᠠᠯᠠᠪᠤᠷᠢ ᠶᠢ ᠠᠳᠬᠤᠵᠤ᠂ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠬᠡᠷᠡᠭᠯᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠪᠥᠬᠦ ᠲᠠᠯ᠎ᠠ ᠪᠠᠷ  ᠬᠦᠭᠵᠢᠭᠡᠬᠦ ᠬᠡᠷᠡᠭᠲᠡᠢ᠃ ᠭᠤᠷᠪᠠ ᠳᠤ᠂ ᠪᠦᠯᠦᠭᠯᠡᠬᠦ ᠬᠡᠯᠬᠢᠶ᠎ᠡ ᠶᠢ ᠴᠢᠩᠭᠠᠳᠬᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠨᠡᠮᠡᠭᠳᠡᠯ ᠢ ᠲᠣᠭᠲᠠᠪᠤᠷᠢᠵᠢᠭᠤᠯᠬᠤ ᠶᠢ ᠢᠮᠠᠭᠲᠠ ᠬᠥᠭᠵᠢᠯᠲᠡ ᠶᠢ ᠠᠬᠢᠭᠤᠯᠬᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠲᠣᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠵᠤ ᠦᠢᠯᠡᠳᠪᠦᠷᠢ ᠶᠢᠨ ︽ᠤᠷᠤᠭᠰᠢᠯᠠᠬᠤ︾ ᠠᠷᠭ᠎ᠠ ᠵᠠᠮ ᠢ ᠪᠠᠲᠤᠳᠬᠠᠵᠤ᠂ ᠦᠢᠯᠡᠴᠢᠯᠡᠭᠡᠨ ᠤ ᠦᠢᠯᠡᠰ ᠤᠨ ︽ᠬᠤᠪᠢᠷᠠᠭᠤᠯᠬᠤ︾ ᠴᠢᠭᠯᠡᠯ ᠢ ᠲᠣᠳᠣᠷᠬᠠᠶᠢᠯᠠᠵᠤ᠂ ᠭᠤᠷᠪᠠᠨ ᠠᠵᠤ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ ᠲᠦᠷᠪᠡ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠨᠡᠬᠡᠬᠡᠯᠳᠡ ᠶᠢᠨ ᠰᠢᠨ᠎ᠡ ᠥᠨᠳᠦᠷᠯᠢᠭ ᠢ ᠬᠦᠴᠦᠯᠡᠨ ᠴᠣᠭᠴᠠᠯᠠᠨ᠎ᠠ᠃ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠯᠳᠠᠭ᠎ᠠ ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠠᠴᠠ ᠭᠠᠷᠳᠠᠵᠤ᠂ ᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠶᠢ ᠭᠦᠨᠵᠡᠭᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠢᠪᠲᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦ ᠪᠠᠨ ᠲᠥᠪᠯᠡᠷᠡᠭᠦᠯᠦᠨ ᠬᠦᠳᠦᠯᠦᠨ ᠳᠠᠭᠠᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠲᠠᠪᠤ ᠳᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠡᠨᠧᠷᠭᠢ ᠠᠷᠪᠢᠯᠠᠬᠤ ᠰᠠᠨᠠᠭᠠᠴᠢᠯᠠᠭ᠎ᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠭᠦᠷᠢᠳᠡ ᠪᠠᠶᠢᠯᠭᠠᠵᠤ᠂ ᠠᠭᠠᠷ ᠢ ᠡᠭᠦᠷᠢᠲᠡ ᠰᠢᠨ᠎ᠡ ᠰᠤᠷᠭᠤᠭ ᠪᠠᠶᠢᠯᠭᠠᠬᠤ ᠬᠡᠷᠡᠭᠲᠡᠢ᠃ ᠵᠢᠷᠭᠤᠭ᠎ᠠ ᠳᠤ᠂ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠴᠢᠨᠠᠷ ᠤᠨ ᠲᠥᠷᠥᠭᠳᠡᠯ ᠢ ᠬᠦᠴᠦᠯᠡᠨ  ᠳᠡᠭᠡᠭᠰᠢᠯᠡᠭᠦᠯᠦᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠢᠭᠡ ᠪᠦᠯᠦᠭ ᠤᠯᠠᠨ ᠲᠦᠮᠡᠨ ᠤ  ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ  ᠰᠠᠶᠢᠲᠤᠷ ᠬᠢᠵᠦ᠂ ᠬᠥᠭᠵᠢᠯᠲᠡ ᠶᠢᠨ ᠪᠣᠳᠠᠲᠤ ᠠᠮᠵᠢᠯᠲᠠ ᠶᠢ ᠨᠡᠩ ᠬᠠᠶᠢᠷ᠎ᠠ ᠰᠡᠳᠬᠢᠯᠭᠡ ᠲᠠᠢ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠨᠡᠩ ᠵᠤᠵᠠᠭᠠᠨ ᠪᠣᠯᠭᠠᠬᠤ ᠬᠡᠷᠡᠭᠲᠡᠢ᠃ ᠲᠤᠯᠤᠭ᠎ᠠ ᠳᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠬᠦᠨᠳᠦ ᠬᠡᠴᠡᠭᠦᠦ ᠬᠡᠷᠡᠭᠯᠡᠵᠦ ᠪᠣᠯᠬᠤᠶᠢᠴᠠ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠦᠨᠳᠦᠰᠦᠨ ᠱᠠᠳᠤ ᠲᠡᠰᠢ ᠤᠷᠲᠤᠳᠬᠠᠬᠤ ᠶᠢ ᠠᠬᠢᠭᠤᠯᠵᠤ᠂ ᠣᠳᠣᠬᠢᠴᠢᠯᠠᠭᠰᠠᠨ ᠠᠤᠬᠠᠨ ᠢ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ  ᠂  ᠭᠤᠣᠯᠳᠠᠯᠭ᠎ᠠ ᠨᠢ ᠪᠣᠳᠠᠲᠠᠢ ᠠᠵᠢᠯᠯᠠᠬᠤ ᠳᠤ ᠪᠠᠶᠢᠵᠤ᠂ ᠨᠠᠶᠢᠳᠠᠪᠤᠷᠢᠵᠢᠭᠤᠯᠬᠤ ᠶᠢ ᠡᠷᠬᠢᠮᠯᠡᠨ᠎ᠡ᠃ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠴᠢᠳᠠᠪᠤᠷᠢ ᠪᠠᠨ ᠨᠡᠮᠡᠭᠳᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠦ ᠪᠠᠨ ᠬᠠᠮᠲᠤᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃        ᠪᠥᠬᠦᠳᠡ ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠷᠡᠰ ᠰᠢᠭᠤᠷᠬᠠᠶ ᠪᠠᠷ ᠤᠷᠤᠭᠰᠢᠯᠠᠵᠤ᠂ ᠴᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ᠂ ᠡᠴᠦᠰ ᠲᠤᠨᠢ ᠲᠤᠯᠲᠠᠯ᠎ᠠ ᠠᠳᠬᠤᠬᠤ ᠡᠷᠡᠰ ᠪᠠᠲᠤ ᠵᠣᠷᠢᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠤᠬᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠤᠷᠢᠶᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号