ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠵᠢᠯ ᠤᠨ ᠡᠴᠦᠰ ᠤᠨ ᠬᠠᠷᠢᠭᠤᠯᠲᠠ ᠶᠢᠨ ᠬᠠᠭᠤᠳᠠᠰᠤ
ᠨᠡᠶᠢᠲᠡᠯᠡᠭᠰᠡᠨ ᠴᠠᠭ᠄
2025/1/3
       2024 ᠣᠨ ᠳᠤ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠡᠶᠢᠲᠡ 161 ᠲᠥᠷᠥᠯ ᠵᠦᠢᠯ ᠢ ᠬᠢᠨᠠᠨ ᠵᠥᠪᠰᠢᠶᠡᠷᠡᠵᠦ ᠳᠡᠩᠰᠡᠯᠡᠪᠡ᠂ ᠡᠭᠦᠨ ᠳᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ 52 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ 18.75 ᠳ᠋ᠦᠩᠰᠢᠭᠤᠷ ᠲᠥᠭᠦᠷᠢᠭ ᠲᠤ ᠬᠦᠷᠴᠡᠶ︔ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ 109 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 242.07 ᠳ᠋ᠦᠩᠰᠢᠭᠤᠷ ᠲᠥᠭᠦᠷᠢᠭ ᠲᠤ ᠬᠦᠷᠴᠡᠶ᠃ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠭᠰᠡᠨ ᠲᠥᠷᠥᠯ ᠵᠦᠢᠯ 6᠂ ᠶᠡᠷᠦᠩᠬᠡᠶ ᠪᠡᠯᠡ ᠣᠷᠣᠭᠤᠯᠤᠯᠲᠠ 9.61 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠴᠣᠬᠤᠯᠠᠪᠤᠷᠢᠯᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ 98 ᠪᠠᠶᠢᠵᠦ᠂ ᠡᠭᠦᠨ ᠳᠤ ᠬᠤᠰᠢᠭᠤᠨ ᠲᠠᠰ ᠤᠨ 96᠂ ᠬᠤᠲᠠ ᠶᠢᠨ ᠲᠠᠰ ᠤᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ 1 ᠪᠠᠶᠢᠨ᠎ᠠ᠃ ᠡᠯ᠎ᠡ ᠲᠥᠷᠥᠯ ᠤᠨ ᠲᠥᠷᠥᠯ ᠵᠦᠢᠯ ᠤᠨ ᠴᠣᠬᠤᠯᠠᠪᠤᠷᠢ ᠵᠢᠴᠢ ᠳᠠᠩᠰᠠᠯᠠᠭᠤᠯᠤᠯᠲᠠ ᠨᠢ ᠠᠤᠬᠠᠨ ᠤ ᠠᠵᠤ ᠠᠬᠤᠶ ᠶᠢᠨ  ᠬᠥᠭᠵᠢᠯᠲᠡ ᠳᠤ ᠰᠠᠶᠢᠨ  ᠰᠠᠶᠢᠬᠠᠨ ᠰᠠᠭᠤᠷᠢ ᠲᠠᠯᠪᠢᠵᠤ ᠥᠭᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号