| 12 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | 81 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃ | | | | | ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ | ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ | ᠠᠷᠭ᠎ᠠ ᠵᠠᠮ ᠢ ᠥᠷᠭᠡᠳᠬᠡᠵᠦ᠂ ᠥᠷᠭᠡᠨ ᠤᠯᠠᠨ ᠮᠠᠯᠴᠢᠨ ᠲᠠᠷᠢᠶᠠᠴᠢᠨ ᠢ ᠤᠯᠠᠮ ᠠᠴᠠ ᠤᠯᠠᠮ ᠪᠠᠶᠠᠯᠢᠭᠵᠢᠭᠤᠯᠬᠤ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ | ᠳᠡᠮᠳᠡᠭᠵᠢᠭᠰᠡᠨ ᠬᠥᠭᠵᠢᠯᠲᠡ ᠶᠢ ᠠᠬᠢᠭᠤᠯᠵᠤ᠂ ᠨᠢᠭᠡᠳᠦᠭᠡᠷ ᠠᠵᠤ ᠦᠢᠯᠡᠰ ᠢ ︽ᠵᠠᠯᠭᠠᠪᠠᠷ︾ ᠪᠡᠶᠡᠯᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠤᠯᠠᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠦᠬᠦ | ᠬᠦᠴᠦᠨ ᠢᠶᠠᠷ ᠢᠶᠠᠨ ᠰᠠᠶᠢᠵᠢᠷᠠᠭᠤᠯᠤᠨ ᠪᠠᠲᠤᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠪᠠᠷ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠤᠶᠤᠨ ᠴᠢᠳᠠᠯ ᠢᠶᠠᠨ ᠲᠥᠪᠯᠡᠷᠡᠭᠦᠯᠦᠨ ᠬᠥᠭᠵᠢᠯᠲᠡ ᠶᠢ ᠡᠷᠢᠯᠬᠢᠯᠡᠵᠦ᠂ ᠬᠥᠭᠵᠢᠯᠲᠡ ᠶᠢ | ᠠᠳᠬᠤᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ | ᠥᠷᠨᠢᠭᠦᠯᠵᠦ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠢᠳᠡᠭᠡᠨ ᠤ ᠠᠮᠤᠷ | ᠲᠦᠪᠰᠢᠨ ᠤ ᠠᠵᠢᠯ ᠢ ᠰᠠᠶᠢᠲᠤᠷ ᠠᠳᠬᠤᠵᠤ᠂ ᠢᠳᠡᠭᠡᠨ ᠤ ᠢᠷᠡᠯᠲᠡ᠂ ᠭᠦᠢᠯᠭᠡᠭᠡ᠂ ᠰᠢᠯᠭᠠᠨ ᠪᠠᠶᠢᠴᠠᠭᠠᠬᠤ ᠵᠡᠷᠭᠡ | ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠲᠠᠯᠠᠪᠤᠷ ᠤᠨ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ |