ᠠᠤᠬᠠᠨ ᠬᠤᠰᠢᠭᠤᠨ ᠤ ᠭᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠦᠢᠯ ᠳᠤ ᠲᠥᠪ ᠤᠨ ᠡᠳ᠋ ᠤᠨ ᠵᠠᠰᠠᠭ ᠤᠨ ᠵᠤᠯᠭᠠᠭᠤᠯᠬᠤ ᠪᠡᠯᠡ ᠮᠥᠩᠭᠦ ᠶᠢ 5424.26 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/1/3
    2024 ᠣᠨ ᠳᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ 5424.26 ᠲᠦᠮᠡᠨ ᠲᠥᠭᠦᠷᠢᠭ ᠤᠨ ᠨᠥᠬᠦᠪᠥᠷᠢ ᠮᠥᠩᠭᠦ ᠶᠢ ᠤᠷᠢᠳᠴᠢᠯᠠᠨ ᠪᠠᠭᠤᠯᠭᠠᠵᠤ᠂ ᠠᠤᠬᠠᠨ ᠬᠤᠰᠢᠭᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡᠨ ᠤ ᠲᠥᠷᠥᠯ ᠵᠦᠢᠯ ᠢ ᠬᠡᠷᠡᠭᠵᠢᠭᠦᠯᠬᠦ ᠳᠤ  ᠬᠡᠷᠡᠭᠯᠡᠪᠡ᠃    ᠲᠥᠷᠥᠯ ᠵᠦᠢᠯ ᠤᠨ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 102.47 MWP ︵ᠰᠣᠯᠢᠯᠴᠠᠭᠠᠨ ᠤ ᠲᠠᠯ᠎ᠠ︶ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 34316.76 ᠲᠦᠮᠡᠨ ᠲᠥᠭᠦᠷᠢᠭ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠪᠠᠯᠠ ᠣᠷᠣᠭᠤᠯᠤᠯᠲᠠ ᠨᠢ 10995.25 ᠲᠦᠮᠡᠨ ᠲᠥᠭᠦᠷᠢᠭ ᠪᠠᠶᠢᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 32.96MWP ︵ᠰᠣᠯᠢᠯᠴᠠᠭᠠᠨ ᠤ ᠲᠠᠯ᠎ᠠ︶ ᠪᠠᠶᠢᠵᠤ᠂ 2024 —2025 ᠣᠨ ᠤ ᠬᠤᠭᠤᠷᠣᠨᠳᠣ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠬᠤᠶᠠᠳᠤᠭᠠᠷ ᠬᠤᠭᠤᠴᠠᠭᠠᠨ ᠳᠤ 23321.51 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 69.51MWP ︵ᠰᠣᠯᠢᠯᠴᠠᠭᠠᠨ ᠤ ᠲᠠᠯ᠎ᠠ︶ ᠪᠠᠶᠢᠵᠤ᠂ 2025 ᠣᠨ ᠤ ᠡᠴᠦᠰ ᠲᠤ ᠬᠡᠷᠡᠭᠵᠢᠭᠦᠯᠵᠦ ᠪᠡᠶᠡᠯᠡᠭᠦᠯᠬᠦ ᠪᠠᠷ ᠲᠥᠯᠥᠪᠯᠡᠵᠦ ᠪᠣᠶ᠃    ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 25 ᠵᠢᠯ ᠤᠨ ᠴᠡᠪᠡᠷ ᠠᠰᠢᠭ ᠬᠤᠨᠵᠢᠪᠣᠷᠢ ᠨᠢ 66083.47 ᠲᠦᠮᠡᠨ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠬᠤᠪᠢᠶᠠᠷᠢᠯᠠᠵᠤ ᠪᠣᠯᠬᠤ ᠠᠰᠢᠭ ᠬᠤᠨᠵᠢᠪᠣᠷᠢ ᠨᠢ ᠪᠠᠷᠤᠭ 2643.34 ᠲᠦᠮᠡᠨ ᠲᠥᠭᠦᠷᠢᠭ ᠲᠤ ᠬᠦᠷᠴᠦ᠂ ᠪᠥᠬᠦ ᠬᠤᠰᠢᠭᠤᠨ ᠤ ᠬᠠᠪᠰᠤᠷᠤᠨ ᠲᠡᠳᠬᠦᠬᠦ ᠪᠠᠷ ᠪᠠᠶᠢᠭ᠎ᠠ ᠬᠥᠮᠦᠨ ᠤ ᠲᠤᠭ᠎ᠠ ᠨᠢ 10247 ᠬᠥᠮᠦᠨ ᠢᠶᠠᠷ ᠪᠤᠳᠤᠪᠠᠯ᠂ ᠬᠥᠮᠦᠨ ᠪᠦᠷᠢ ᠵᠢᠯ ᠳᠤ 2579.62 ᠲᠥᠭᠦᠷᠢᠭ ᠤᠨ ᠠᠰᠢᠭ ᠣᠷᠣᠯᠭ᠎ᠠ ᠣᠯᠵᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号