| ᠣᠶᠢᠷ᠎ᠠ ᠳᠤ᠂ ᠵᠥᠩ ᠨᠧᠩ ᠵᠢᠶᠠᠨ ᠠᠤᠬᠠᠨ ᠬᠤᠰᠢᠭᠤ ᠵᠢᠴᠢ ᠶᠤᠸᠠᠨ ᠪᠦᠦ ᠱᠠᠨ ᠲᠣᠭᠤᠷᠢᠭ ᠤᠨ ᠰᠠᠯᠬᠢ | ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠲᠣᠪᠴᠢᠶ᠎ᠠ ᠶᠢᠨ ᠵᠥᠪᠰᠢᠶᠡᠷᠡᠯ ᠢ ᠣᠯᠪᠠ᠃ ᠲᠣᠰ ᠲᠥᠷᠥᠯ ᠵᠦᠢᠯ ᠳᠤ 39.78 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 2025 ᠣᠨ ᠤ 6 ᠰᠠᠷ᠎ᠠ ᠳᠤ ᠠᠵᠢᠯ ᠢᠶᠠᠨ | ᠡᠬᠢᠯᠡᠭᠦᠯᠵᠦ᠂ 2026 ᠣᠨ ᠤ 12 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠰᠢᠨ᠎ᠡ ᠡᠨᠧᠷᠭᠢ ᠶᠢᠨ | ᠬᠡᠪᠴᠢᠶ᠎ᠡ ᠨᠢ 50 ᠲᠦᠮᠡᠨ ᠺᠢᠯᠣᠸᠠᠲ ︵ᠰᠠᠯᠬᠢᠨ ᠬᠦᠴᠦᠨ ᠤ ᠴᠠᠬᠢᠯᠭᠠᠨ 40 ᠲᠦᠮᠡᠨ ᠺᠢᠯᠣᠸᠠᠲ᠂ ᠭᠡᠷᠡᠯ | ᠴᠡᠨᠡᠭ ᠤᠨ 10 ᠲᠦᠮᠡᠨ ᠺᠢᠯᠣᠸᠠᠲ︶ ᠪᠣᠯᠤᠨ᠎ᠠ᠂ ᠡᠭᠦᠨ ᠳᠤ ᠂ 44.5 ᠲᠦᠮᠡᠨ ᠺᠢᠯᠣᠸᠠᠲ ᠤᠨ ᠰᠢᠨ᠎ᠡ | ᠡᠨᠧᠷᠭᠢ ᠶᠢ ᠨᠣᠭᠤᠭᠠᠨ ᠤᠰᠤᠲᠥ᠋ᠷᠥᠭᠴᠢ ᠶᠢᠨ ᠦᠢᠯᠡᠳᠪᠦᠷᠢᠯᠡᠯ᠂ 4 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ | ᠰᠢᠪᠲᠦᠷ ᠬᠢᠬᠦ᠂ 1.5 ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠨᠡᠶᠢᠲᠡ ᠶᠢᠨ ᠲᠤᠰᠠᠯᠠᠬᠤ ᠲᠥᠬᠦᠭᠡᠷᠦᠮᠵᠢ ᠳᠤ | ᠬᠡᠷᠡᠭᠯᠡᠨ᠎ᠡ᠃ ᠲᠦᠯᠦᠪᠯᠡᠭᠰᠡᠨ ᠤᠰᠤᠳᠦ᠋ᠷᠦᠭᠴᠢ ᠦᠢᠯᠡᠳᠬᠦ ᠴᠢᠳᠠᠪᠤᠷᠢ ᠨᠢ ᠵᠢᠯ ᠳᠤ 2.3 ᠲᠦᠮᠡᠨ ᠲᠤᠨ ᠃ | ᠢᠵᠢ ᠪᠦᠷᠢᠳᠦᠭᠦᠯᠦᠭᠰᠡᠨ ᠴᠠᠬᠢᠯᠭᠠᠨ ᠨᠦᠬᠡᠴᠡᠯᠡᠬᠦ ᠨᠢ ᠰᠢᠨ᠎ᠡ ᠡᠨᠧᠷᠬᠢ ᠶᠢᠨ ᠮᠠᠰᠢᠨ ᠴᠤᠭᠴᠠᠯᠠᠪᠤᠷᠢ ᠶᠢᠨ 15%᠂ | ᠡᠨᠧᠷᠬᠢ ᠬᠠᠳᠠᠭᠠᠯᠠᠬᠤ ᠴᠠᠭ ᠨᠢ 1 ᠴᠠᠭ᠂ ᠬᠡᠪᠴᠢᠶ᠎ᠡ ᠨᠢ 7.5 ᠲᠦᠮᠡᠨ ᠺᠢᠯᠤᠸᠠᠲ / 7.5 ᠲᠦᠮᠡᠨ ᠺᠢᠯᠤᠸᠠᠲ | ᠴᠠᠭ᠃ | ᠬᠤᠶᠢᠰᠢᠳᠠ᠂ ᠮᠠᠨ ᠤ ᠨᠠᠮ ᠤᠨ ᠬᠤᠷᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ | ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠦᠨᠡᠨ ᠬᠦ ᠪᠠᠲᠤᠯᠠᠵᠤ | ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ |