| ᠣᠶᠢᠷ᠎ᠠ ᠶᠢᠨ ᠬᠤᠭᠤᠴᠠᠭᠠᠨ ᠤ ᠡᠯ᠎ᠡ ᠲᠥᠷᠥᠯ ᠤᠨ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ | ᠪᠥᠬᠦ ᠬᠤᠰᠢᠭᠤᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ 1 ᠰᠠᠷ᠎ᠠ ᠶᠢᠨ 6 ᠤ ᠡᠳᠦᠷ ᠤᠨ ᠦᠳᠡ ᠶᠢᠨ | ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠦᠯᠬᠦᠮ ᠳᠠᠭᠠᠭᠤᠯᠤᠨ ᠴᠠᠭᠠᠨ | ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ | ᠪᠠᠷ᠎ᠠ ᠪᠣᠯᠵᠣ ᠪᠠᠶᠢᠴᠠᠭᠠᠪᠠ᠃ | | | | ᠸᠠᠩ ᠶᠦᠩ ᠵᠢᠶᠦ᠋ᠨ ᠨᠡᠷ ᠤᠷᠢᠳ ᠬᠤᠵᠢᠳ ᠰᠠᠨ ᠾᠧ ᠾᠦᠢ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ | ᠺᠣᠮᠫᠠᠨᠢ᠂ ᠰᠢᠨ ᠴᠧᠩ ᠮᠢᠩ ᠵᠦ ᠬᠤᠳᠠᠯᠳᠤᠭᠠᠨ ᠤ ᠲᠠᠯᠠᠪᠤᠷ᠂ ᠾᠦᠢ ᠵᠧᠦ ᠶᠢᠨ ᠵᠢᠶᠠ ᠳ᠋ᠧ ᠯᠧ ᠬᠡᠳᠦ ᠳᠡᠯᠭᠡᠭᠦᠷ᠂ | ᠸᠠᠨ ᠴᠢᠶᠠᠩ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠱᠤᠸᠠᠩ ᠱᠤᠸᠠᠢ ᠬᠤᠸᠠᠷ ᠫᠤᠤᠵᠢᠩ ᠤᠨ ᠵᠢᠵᠢᠭᠯᠡᠨ | ᠬᠤᠳᠠᠯᠳᠤᠬᠤ ᠳᠡᠯᠭᠡᠭᠦᠷ᠂ ᠰᠢᠨ ᠾᠦᠢ ᠪᠠᠯᠭᠠᠰᠤ ᠶᠢᠨ ᠯᠢᠶᠠᠨ ᠵᠠᠩ ᠱᠠᠨ ᠠᠭᠤᠯᠠᠨ ᠤ ᠭᠠᠯ ᠰᠡᠷᠭᠡᠶᠢᠯᠡᠬᠦ ᠴᠡᠭ᠂ | ᠤᠯᠠᠭᠠᠨᠬᠠᠳᠠ ᠶᠢᠨ ᠮᠦ ᠶᠤᠸᠠᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ ᠰᠠᠬᠢᠵᠤ ᠪᠠᠶᠢᠭ᠎ᠠ | ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠣᠳᠠᠲᠠᠢ | ᠱᠠᠭᠠᠷᠳᠠᠯᠭ᠎ᠠ ᠳᠤᠷᠠᠳᠴᠠᠢ᠃ | | | ᠸᠠᠩ ᠶᠦᠩ ᠵᠢᠶᠦ᠋ᠨ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ | ᠭᠡᠵᠦ ᠪᠠᠶᠢᠨ᠎ᠠ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠠᠭᠠᠷᠠᠯᠲᠠᠢ ᠪᠠᠶᠢᠵᠤ᠂ ᠤᠯᠠᠨ ᠲᠦᠮᠡᠨ ᠤ ᠶᠠᠪᠤᠵᠤ | ᠰᠠᠭᠤᠬᠤ ᠣᠯᠠᠰᠢᠷᠠᠵᠤ᠂ ᠬᠤᠸᠠᠷ ᠫᠤᠤᠵᠢᠩ ᠲᠠᠯᠪᠢᠬᠤ᠂ ᠡᠯ᠎ᠡ ᠲᠦᠷᠦᠯ ᠤᠨ ᠪᠠᠶᠠᠷ ᠤᠨ ᠶᠣᠰᠣᠯᠠᠯ ᠵᠡᠷᠭᠡ | ᠠᠵᠢᠯᠯᠠᠭ᠎ᠠ ᠣᠯᠠᠰᠢᠷᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠳᠠᠷᠤᠯᠲᠠ ᠨᠡᠮᠡᠭᠳᠡᠵᠦ ᠪᠠᠶᠢᠨ᠎ᠠ᠃ ᠡᠯ᠎ᠡ | ᠰᠠᠯᠠᠭ᠎ᠠ ᠮᠥᠴᠢᠷ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠠᠮᠤᠷ ᠲᠦᠪᠰᠢᠨ ᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠨᠠᠭᠠᠴᠢᠯᠠᠭᠠᠲᠤ ᠴᠢᠨᠠᠷ ᠪᠣᠯᠤᠨ ᠪᠣᠳᠠᠲᠤ ᠦᠷ᠎ᠡ | ᠪᠦᠳᠦᠮᠵᠢᠳᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠪᠣᠳᠠᠰ | ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠠᠷᠠᠯᠵᠢᠶ᠎ᠠ᠂ ᠵᠠᠮ ᠬᠠᠷᠢᠯᠴᠠᠭ᠎ᠠ᠂ ᠬᠤᠲᠠ ᠪᠠᠯᠭᠠᠰᠤᠨ ᠤ | ᠰᠢᠲᠠᠮᠠᠬᠠᠶ ᠬᠡᠶ᠂ ᠬᠤᠸᠠᠷ ᠫᠤᠤᠵᠢᠩ ᠵᠡᠷᠭᠡ ᠪᠥᠬᠦ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠪᠥᠭᠡᠳ ᠪᠣᠳᠠᠲᠠᠶ ᠪᠠᠷ ᠵᠢᠭᠰᠠᠭᠠᠨ | ᠪᠠᠶᠢᠴᠠᠭᠠᠵᠤ ᠬᠠᠮᠢᠶᠠᠷᠤᠨ ᠡᠵᠡᠮᠳᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠶ᠃ | ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ︽ᠶᠢᠰᠦᠨ ᠪᠠᠭ᠎ᠠ | ᠲᠠᠯᠠᠪᠤᠷ ᠭᠠᠵᠠᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠭᠤᠤᠯᠳᠠᠯᠭ᠎ᠠ ᠲᠠᠢ | ᠴᠢᠩᠭᠠᠳᠬᠠᠨ᠂ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠠᠵᠢᠯ ᠤᠨ ᠬᠠᠮᠢᠶᠠᠷᠤᠯᠲᠠ ᠶᠢ ᠴᠢᠩᠳᠠᠯᠠᠵᠤ᠂ ᠭᠠᠯ ᠤᠨ | ᠭᠠᠮᠰᠢᠭ ᠤᠨ ᠠᠳᠡᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | | | | | ᠾᠦᠢ ᠵᠧᠦ ᠶᠢᠨ ᠵᠢᠶᠠ ᠳ᠋ᠧ ᠯᠧ ᠬᠡᠲᠦ ᠳᠡᠯᠭᠡᠭᠦᠷ ᠢ ᠬᠢᠨᠠᠨ ᠵᠢᠯᠣᠭᠤᠳᠴᠤ ᠪᠠᠶᠢᠴᠠᠭᠠᠭᠰᠠᠨ ᠤ ᠳᠠᠷᠠᠭ᠎ᠠ᠂ ᠸᠠᠩ | ᠶᠦᠩ ᠵᠢᠶᠦ᠋ᠨ ᠨᠡᠷ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠲᠠᠰᠢᠷᠠᠮ ᠢᠶᠠᠷ ᠸᠠᠨ ᠴᠢᠶᠠᠩ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠬᠦᠷᠴᠦ ᠬᠢᠨᠠᠨ ᠪᠠᠶᠢᠴᠠᠭᠠᠪᠠ᠃ ᠸᠠᠩ ᠶᠦᠩ ᠵᠢᠶᠦ᠋ᠨ᠂ ᠴᠠᠭᠠᠨ | ᠰᠠᠷ᠎ᠠ ᠶᠢᠨ ᠲᠡᠭᠡᠭᠡᠪᠦᠷᠢ ᠶᠢᠨ ᠠᠵᠢᠯ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠠᠮᠤᠷ ᠲᠦᠪᠰᠢᠨ ᠤ ᠠᠮᠢᠨ | ᠰᠤᠳᠠᠰᠤ ᠪᠣᠯᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠡᠷᠭᠡ ᠬᠥᠰᠬᠡ ᠶᠢᠨ ᠠᠮᠤᠷ ᠲᠦᠪᠰᠢᠨ ᠤ ᠬᠢᠨᠠᠨ | ᠬᠡᠮᠵᠢᠯᠲᠡ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ | ᠠᠷᠢᠯᠭᠠᠵᠤ᠂ ᠵᠢᠯᠣᠭᠤᠴᠢ ᠶᠢᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠭᠦᠢᠴᠡᠳ ᠬᠢᠵᠦ᠂ | ᠬᠥᠮᠦᠨ ᠤ ᠤᠷᠤᠰᠬᠠᠯ ᠢ ᠵᠠᠯᠠᠵᠤ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠯᠠᠨ ᠤ | ᠠᠮᠤᠷ ᠠᠮᠤᠭᠤᠯᠠᠩ ᠡᠮᠬᠢ ᠳᠢᠭᠯᠢᠮ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃ | | | | | ᠰᠢᠨ ᠾᠦᠢ ᠪᠠᠯᠭᠠᠰᠤᠨ ᠤ ᠯᠢᠶᠠᠨ ᠴᠠᠩ ᠱᠠᠨ ᠠᠭᠤᠯᠠᠨ ᠤ ᠭᠠᠯ ᠰᠡᠷᠭᠡᠶᠢᠯᠡᠬᠦ ᠴᠡᠭ ᠲᠤ ᠸᠠᠩ ᠶᠦᠩ ᠵᠢᠶᠦ᠋ᠨ | ᠂ ᠡᠨᠡ ᠵᠢᠯ ᠤᠨ ᠵᠤᠨ ᠤ ᠤᠯᠠᠷᠢᠯ ᠳᠤ ᠮᠠᠨ ᠤ ᠬᠤᠰᠢᠭᠤᠨ ᠳᠤ ᠬᠤᠷ᠎ᠠ ᠪᠣᠷᠣᠭᠠᠨ ᠨᠡᠯᠢᠶᠡᠳ ᠤᠯᠠᠨ᠂ ᠡᠪᠦᠯ ᠤᠨ | ᠤᠯᠠᠷᠢᠯ ᠳᠤ ᠴᠠᠰᠤ ᠨᠡᠯᠢᠶᠡᠳ ᠪᠠᠭ᠎ᠠ᠂ ᠤᠢ ᠶᠢᠨ ᠬᠤᠷᠮᠣᠢ ᠶᠢᠨ ᠰᠢᠲᠠᠮᠠᠬᠠᠢ ᠪᠣᠳᠠᠰ ᠨᠡᠮᠡᠭᠳᠡᠵᠦ᠂ ᠭᠠᠯ ᠰᠡᠷᠭᠡᠶᠢᠯᠡᠬᠦ | ᠭᠠᠯ ᠤᠨᠲᠠᠷᠠᠭᠠᠬᠤ ᠪᠠᠶᠢᠳᠠᠯ ᠲᠡᠶᠢᠮᠦ ᠰᠠᠶᠢᠨ ᠪᠢᠰᠢ ᠪᠠᠶᠢᠨ᠎ᠠ᠃ ᠡᠯ᠎ᠡ ᠨᠢᠭᠡᠴᠡ ᠨᠦᠭᠦᠳ ᠠᠮᠤᠷ ᠲᠦᠪᠰᠢᠨ ᠪᠠᠶᠢᠬᠤ | ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠲᠦᠭᠰᠢᠭᠦᠷᠢ ᠶᠢᠨ ᠤᠬᠠᠮᠰᠠᠷ ᠢᠶᠠᠨ ᠴᠠᠭ ᠢᠮᠠᠭᠲᠠ ᠴᠢᠩᠭ᠎ᠠ | ᠪᠠᠶᠢᠯᠳᠤᠵᠤ᠂ ᠡᠷᠲᠡ ᠪᠠᠶᠢᠷᠢᠯᠠᠭᠤᠯᠵᠤ᠂ ᠡᠷᠲᠡ ᠲᠣᠬᠢᠷᠠᠭᠤᠯᠵᠤ᠂ ᠡᠷᠲᠡ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠣᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ | ᠠᠭᠤᠯᠠᠨ ᠲᠦᠢᠮᠡᠷ ᠤᠨ ᠡᠬᠢ ᠰᠤᠷᠪᠤᠯᠵᠢ ᠶᠢ ᠬᠠᠤᠯᠢ ᠶᠣᠰᠣᠭᠠᠷ ᠴᠢᠩᠭ᠎ᠠ ᠬᠠᠮᠢᠶᠠᠷᠴᠤ᠂ ᠭᠤᠣᠯᠳᠠᠯᠭ᠎ᠠ ᠲᠠᠢ ᠴᠠᠭ | ᠬᠤᠭᠤᠴᠠᠭ᠎ᠠ᠂ ᠭᠤᠣᠯᠳᠠᠯᠭ᠎ᠠ ᠲᠠᠢ ᠭᠠᠵᠠᠷ ᠤᠨ ᠬᠡᠰᠡᠭ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ | ᠴᠢᠩᠳᠠᠯᠠᠵᠤ᠂ ᠲᠣᠭᠤᠷᠢᠨ ᠬᠠᠮᠠᠭᠠᠯᠠᠬᠤ ᠨᠢᠭᠲᠠᠴᠠ ᠪᠠ ᠤᠳᠠᠭ᠎ᠠ ᠶᠢ ᠨᠡᠮᠡᠭᠳᠡᠭᠦᠯᠦᠨ᠂ ᠣᠶ ᠰᠢᠭᠤᠶ ᠶᠢᠨ ᠭᠠᠯ | ᠰᠡᠷᠭᠡᠶᠢᠯᠡᠬᠦ ᠠᠵᠢᠯ ᠤᠨ ᠳᠤᠲᠠᠭᠤᠳᠠᠯ ᠪᠠᠭᠤᠷᠠᠶ ᠲᠠᠯ᠎ᠠ ᠶᠢ ᠲᠣᠳᠣᠷᠬᠠᠶ ᠡᠵᠡᠮᠰᠢᠬᠦ ᠬᠡᠷᠡᠭᠲᠡᠶ᠃ ᠬᠠᠮᠢᠶᠠᠷᠤᠨ | ᠬᠠᠮᠠᠭᠠᠯᠠᠬᠤ ᠶᠢ ᠤᠶᠠᠯᠳᠤᠭᠤᠯᠬᠤ᠂ ᠲᠣᠭᠤᠷᠢᠨ ᠬᠠᠮᠠᠭᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠮᠦᠨ ᠢᠶᠠᠷ | ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ | ᠦᠷᠭᠦᠯᠵᠢᠯᠡᠨ ᠴᠢᠩᠭᠠᠳᠬᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠤᠢ | ᠰᠢᠭᠤᠶ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠤᠯᠠᠨ ᠲᠦᠮᠡᠨ ᠤ ᠤᠢ ᠰᠢᠭᠤᠶ ᠶᠢᠨ ᠭᠠᠯ ᠰᠡᠷᠭᠡᠶᠢᠯᠡᠬᠦ | ᠤᠬᠠᠮᠰᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠶ᠃ 24 ᠴᠠᠭ ᠢᠶᠠᠷ ᠵᠢᠵᠢᠭᠦᠷᠯᠡᠬᠦ ᠬᠠᠮᠢᠶᠠᠷᠤᠯᠲᠠ ᠶᠢ | ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠳᠠᠭᠠᠭᠤᠯᠬᠤ ᠤᠳᠤᠷᠢᠳᠤᠯᠭ᠎ᠠ ᠡᠮᠦᠨ᠎ᠡ ᠹᠷᠣᠨᠲ ᠲᠤ ᠬᠦᠷᠴᠦ | ᠵᠢᠯᠣᠭᠤᠳᠴᠤ᠂ ᠨᠢᠭᠲᠠ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | |