ᠮᠠᠨ ᠤ ᠬᠤᠰᠢᠭᠤ 2025 ᠣᠨ ᠤ ᠠᠩᠬᠠᠳᠠᠭᠴᠢ ᠪᠦᠯᠦᠭ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥᠯ ᠵᠦᠢᠯ ᠤᠨ ᠪᠡᠯᠡ ᠮᠥᠩᠭᠦ ᠶᠢ 4132 ᠲᠦᠮᠡᠨ ᠲᠥᠭᠦᠷᠢᠭ ᠤᠷᠢᠳᠴᠢᠯᠠᠨ  ᠪᠠᠭᠤᠯᠭᠠᠪᠠ
ᠨᠡᠶᠢᠲᠡᠯᠡᠭᠰᠡᠨ ᠴᠠᠭ᠄
2025/1/8
        ᠣᠶᠢᠷ᠎ᠠ ᠳᠤ᠂ ᠮᠠᠨ ᠤ ᠬᠤᠰᠢᠭᠤ ᠴᠥᠭᠦᠷᠥᠮ ᠤᠨ ᠣᠷᠣᠨ ᠤ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠠᠯᠠ ᠮᠥᠩᠭᠦ ᠶᠢ 4132 ᠲᠦᠮᠡᠨ ᠲᠥᠭᠦᠷᠢᠭ ᠲᠡᠮᠡᠴᠡᠨ ᠤᠯᠪᠠ᠃ ᠡᠭᠦᠨ ᠳᠤ ᠨᠡᠭᠦᠳᠡᠯ ᠠᠷᠠᠳ ᠲᠤ 3492 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠲᠥᠷᠥᠯ ᠵᠦᠢᠯ ᠤᠨ ᠪᠡᠯᠡ ᠮᠥᠩᠭᠦ 640 ᠲᠦᠮᠡᠨ ᠲᠥᠭᠦᠷᠢᠭ ᠬᠦᠷᠪᠡ᠃ 6 ᠰᠢᠶᠠᠩ ᠪᠠᠯᠭᠠᠰᠤᠨ ᠤ 9 ᠵᠠᠰᠠᠭ ᠵᠠᠬᠢᠷᠭᠠᠨ ᠤ ᠲᠣᠰᠬᠤᠨ ᠳᠤ 7 ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠵᠠᠮ ᠤᠨ ᠳ᠋ᠧᠩ᠂ ᠰᠣᠶᠣᠯ ᠤᠨ ᠠᠵᠢᠯᠯᠠᠭᠠᠨ ᠤ ᠥᠷᠥᠭᠡ᠂ ᠤᠰᠤ ᠬᠠᠳᠠᠭᠠᠯᠠᠬᠤ ᠴᠥᠭᠦᠷᠥᠮ ᠪᠠ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠴᠥᠬᠦᠷᠥᠮ ᠤᠨ ᠣᠷᠣᠨ ᠪᠠ ᠠᠷᠠᠳ ᠢ ᠨᠡᠭᠦᠯᠭᠡᠨ ᠲᠥᠪᠬᠢᠨᠡᠭᠦᠯᠬᠦ ᠣᠷᠣᠨ ᠤ ᠨᠡᠶᠢᠭᠡᠮ ᠤᠨ ᠲᠣᠭᠲᠠᠭᠤᠨ ᠬᠥᠭᠵᠢᠯᠲᠡ ᠶᠢ ᠬᠠᠮᠠᠭᠠᠯᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号