ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2025/1/8
         1 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 C:\Users\Administrator\Desktop\1_副本.jpg
   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ︽ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠨ ᠵᠥᠪᠯᠡᠬᠦ ᠨᠣᠤᠷᠠᠭ︶︾᠂ ︽ᠠᠤᠬᠠᠨ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠣᠤᠷᠠᠭ︶︾᠂ ︽2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃ 2025 ᠣᠨ ᠤ ᠦᠷᠭᠦᠯᠵᠢᠯᠡᠨ ᠲᠥᠪ ᠲᠧᠯᠸᠢᠰ ᠤᠨ ︽ᠠᠤᠬᠠᠨ ᠤ ᠨᠠᠷᠢᠮᠤ︾ ᠶᠢᠨ ᠵᠠᠷ ᠮᠡᠳᠡᠭᠡ ᠨᠡᠪᠲᠡᠷᠡᠭᠦᠯᠬᠦ ᠤᠴᠢᠷ ᠶᠠᠪᠤᠳᠠᠯ ᠪᠣᠯᠤᠨ ᠪᠢ ᠬᠦᠶ ᠶᠤᠸᠠᠨ ᠠᠤᠬᠠᠨ ᠬᠤᠰᠢᠭᠤᠨ ᠤ ᠵᠢᠶᠦ᠋ᠨ ᠶᠤᠸᠠᠢ ᠹᠦ᠋ ᠣᠷᠣᠨ ᠰᠠᠭᠤᠴᠠ ᠶᠢᠨ ᠲᠣᠭᠤᠷᠢᠭ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠲᠤᠰᠢᠶᠠᠨ ᠬᠡᠷᠡᠭᠯᠡᠬᠦ ᠤᠴᠢᠷ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
 C:\Users\Administrator\Desktop\2_副本.jpg
   ᠬᠤᠷᠠᠯ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠵᠠᠰᠠᠭ ᠤᠨ ᠣᠷᠳᠣᠨ ᠤ ᠰᠢᠨ᠎ᠡ ᠨᠢᠭᠡ ᠵᠢᠯ ᠤᠨ ᠠᠵᠢᠯ ᠢ ᠵᠢᠯᠣᠭᠤᠳᠬᠤ ᠡᠷᠬᠡ ᠰᠦᠷᠲᠦ ᠴᠢᠨᠠᠷᠲᠠᠢ᠂ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠨ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠬᠤᠯᠪᠣᠭᠳᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠪᠠ ᠰᠢᠩᠭᠡᠭᠡᠨ ᠠᠪᠴᠤ᠂ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠰᠢᠩᠭᠡᠭᠡᠨ ᠠᠪᠴᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ 2024 ᠣᠨ ᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠭᠰᠠᠨ ᠴᠢᠨᠠᠷ ᠰᠠᠶᠢᠲᠠᠢ ᠮᠡᠳᠡᠭᠦᠯᠦᠯᠲᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠢᠨ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠭᠤᠣᠯ ᠭᠦᠢᠴᠡᠳᠬᠡᠬᠦ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠥᠷᠥᠯ ᠵᠦᠢᠯ ᠢ ᠲᠥᠯᠥᠪᠵᠢᠭᠦᠯᠬᠦ᠂  ᠠᠷᠠᠯᠵᠢᠶᠠᠴᠢᠨ ᠤᠷᠢᠵᠤ ᠪᠠᠯᠠ  ᠲᠠᠲᠠᠬᠤ ᠵᠡᠷᠭᠡ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ 2025 ᠣᠨ ᠳᠤ ᠲᠣᠭᠲᠠᠭᠤᠨ ᠡᠬᠢᠯᠡᠯᠲᠡ᠂ ᠰᠠᠶᠢᠨ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ  ᠭᠡᠵᠦ ᠴᠢᠬᠤᠯᠠᠴᠢᠯᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠪᠠᠶᠢᠴᠠᠭᠠᠵᠤ᠂ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠬᠡᠭᠡᠷ᠎ᠡ ᠭᠠᠳᠠᠨ᠎ᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠪᠦᠬᠦ ᠬᠤᠰᠢᠭᠤᠨ ᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠡᠷᠡᠰ ᠰᠠᠬᠢᠵᠤ᠂ ᠪᠦᠬᠦ ᠬᠤᠰᠢᠭᠤᠨ ᠤ ᠠᠷᠠᠳ ᠲᠦᠮᠡᠨ ᠢ ᠰᠡᠳᠬᠢᠯ ᠰᠠᠨᠠᠭ᠎ᠠ ᠠᠮᠤᠷ᠂ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号