| 2 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤ ᠪᠥᠬᠦ ᠬᠤᠰᠢᠭᠤᠨ ᠤ | ᠬᠤᠶᠠᠷ ᠬᠤᠷᠠᠯ ᠤᠨ ᠨᠠᠮ ᠤᠨ ᠬᠡᠰᠢᠭᠦᠳ ᠤᠨ ᠶᠡᠭᠡ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠶᠠᠩ ᠭᠦᠸᠧ ᠢ ᠬᠤᠷᠠᠯ ᠡᠷᠭᠢᠯᠡᠵᠦ᠂ ᠪᠥᠬᠦ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ᠂ ᠨᠠᠮ ᠤᠨ ᠭᠡᠰᠢᠭᠦᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ | ᠣᠷᠣᠯᠴᠠᠵᠠᠶ᠃ | | | | | ᠬᠤᠷᠠᠯ ᠳᠡᠭᠡᠷ᠎ᠡ᠂ ᠶᠠᠩ ᠭᠦᠸᠧ ᠢ ᠠᠴᠠ ︽ᠠᠤᠬᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠦᠷ | ᠴᠠᠭ ᠤᠨ ᠨᠠᠮ ᠤᠨ ᠬᠤᠷᠢᠶ᠎ᠠ ᠶᠢ ᠪᠠᠶᠢᠭᠤᠯᠬᠤ ᠲᠤᠬᠠᠶ ᠮᠡᠳᠡᠭᠳᠡᠯ︾ ᠵᠢᠴᠢ ᠡᠯ᠎ᠡ ᠲᠥᠯᠥᠭᠡᠯᠡᠭᠴᠢᠳ ᠤᠨ ᠪᠦᠯᠬᠦᠮ ᠤᠨ | ᠲᠦᠷ ᠴᠠᠭ ᠤᠨ ᠨᠠᠮ ᠤᠨ ᠡᠭᠦᠷ ᠤᠨ ᠮᠡᠳᠡᠭᠳᠡᠯ᠂ ︽ᠤᠯᠤᠰ ᠲᠥᠷᠥ ᠶᠢᠨ ᠵᠥᠪᠯᠡᠯᠭᠡᠨ ᠤ ᠠᠤᠬᠠᠨ ᠬᠤᠰᠢᠭᠤᠨ ᠤ | ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠦᠷ ᠴᠠᠭ ᠤᠨ | ᠨᠠᠮ ᠤᠨ ᠬᠤᠷᠢᠶ᠎ᠠ ᠶᠢ ᠪᠠᠶᠢᠭᠤᠯᠬᠤ ᠲᠤᠬᠠᠶ ᠮᠡᠳᠡᠭᠳᠡᠯ︾ ᠢ ᠤᠩᠰᠢᠨ ᠨᠡᠶᠢᠲᠡᠯᠡᠪᠡ᠃ | | ᠮᠠ ᠯᠢ ᠬᠤᠸᠠ ᠶᠠᠷᠢᠶᠠᠨ ᠳᠠᠭᠠᠨ᠂ ᠪᠥᠬᠦ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠪᠠ ᠨᠠᠮ ᠤᠨ ᠭᠡᠰᠢᠭᠦᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠲᠦᠷᠦᠭᠦᠯᠡᠨ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠨ᠂ ᠬᠤᠶᠠᠷ ᠬᠤᠷᠠᠯ ᠢ ᠰᠠᠶᠢᠲᠤᠷ | ᠬᠤᠷᠠᠯᠳᠤᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ | ᠬᠡᠷᠡᠭᠲᠡᠶ︔ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠪᠠ ᠠᠷᠠᠳ ᠣᠯᠠᠨ ᠤ | ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠤᠨ ᠲᠣᠭᠤᠷᠢᠨ ᠳᠤ᠂ ᠪᠣᠳᠠᠲᠠᠶ ᠶᠢ | ᠡᠷᠬᠢᠮᠯᠡᠬᠦ ᠪᠠ ᠲᠤᠰᠠᠲᠠᠶ ᠠᠷᠭ᠎ᠠ ᠪᠣᠳᠣᠯᠭ᠎ᠠ ᠶᠢ ᠢᠯᠡᠭᠦᠬᠡᠨ ᠡᠷᠭᠦᠬᠦ ᠬᠡᠷᠡᠭᠲᠡᠶ︔ ᠪᠠᠶᠢᠳᠠᠯ ᠢ ᠢᠯᠭᠠᠨ ᠲᠠᠨᠢᠵᠤ᠂ | ᠴᠢᠭᠯᠡᠯ ᠢ ᠲᠣᠳᠣᠷᠬᠠᠶᠢᠯᠠᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ᠂ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦᠳᠡ ᠬᠤᠷᠠᠯ ᠪᠠ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ | ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠵᠤ ᠂ | ᠪᠣᠳᠠᠲᠠᠶᠢᠵᠢᠭᠤᠯᠬᠤ ᠶᠢᠨ ᠬᠠᠮᠲᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠨᠠᠮ ᠤᠨ ᠵᠣᠷᠢᠯᠲᠠ ᠶᠢ ᠪᠦᠬᠦ | ᠬᠤᠰᠢᠭᠤᠨ ᠤ ᠠᠷᠠᠳ ᠲᠦᠮᠡᠨ ᠤ ᠨᠢᠭᠡᠳᠦᠯᠲᠡᠶ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠮᠠ ᠯᠢ ᠬᠤᠸᠠ ᠠᠴᠠ᠂ ᠪᠤᠢ ᠪᠦᠬᠦᠢ ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠪᠣᠯᠤᠨ ᠨᠠᠮ ᠤᠨ ᠭᠡᠰᠢᠭᠦᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠦᠵᠡᠯ ᠰᠠᠨᠠᠭ᠎ᠠ ᠪᠠᠨ | ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠬᠢᠯᠭ᠎ᠠ | ᠪᠠᠲᠤ ᠶᠢ ᠴᠢᠩᠳᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠤᠰᠤᠳ ᠲᠥᠯᠥᠭᠡᠯᠡᠭᠴᠢᠳ ᠢ | ᠪᠦᠯᠬᠦᠮᠳᠡᠭᠦᠯᠦᠨ ᠳᠠᠭᠠᠭᠤᠯᠵᠤ ᠡᠯ᠎ᠡ ᠵᠦᠢᠯ ᠤᠨ ᠤᠷᠢᠳᠴᠢᠯᠠᠨ ᠲᠣᠭᠲᠠᠭᠠᠭᠰᠠᠨ ᠡᠭᠦᠷᠭᠡ ᠶᠢ ᠢᠳᠡᠪᠬᠢᠲᠡᠢ | ᠪᠡᠶᠡᠯᠡᠭᠦᠯᠵᠦ᠂ ᠬᠤᠶᠠᠷ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ︵ᠰᠤᠷᠪᠤᠯᠵᠢᠯᠠᠭᠴᠢ / ᠵᠠᠩ ᠴᠢ ᠯᠦᠩ ᠸᠧᠢ ᠵᠢᠶᠠ ᠶᠠᠨ︶ | | | |