| ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠠᠷᠢᠶ᠎ᠠ ᠣᠷᠣᠨ ᠤ ᠬᠥᠳᠡᠯᠮᠦᠷᠢ ᠬᠦᠴᠦᠨ ᠤ | ᠴᠢᠨᠠᠷ ᠰᠠᠶᠢᠲᠠᠶ ᠭᠦᠢᠴᠡᠳ ᠠᠵᠢᠯ ᠤᠯᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠠᠳᠠᠯ ᠦᠢᠯᠡᠰ ᠴᠣᠭᠴᠠᠯᠠᠵᠤ | ᠠᠵᠢᠯ ᠤᠯᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ ᠨᠠᠨ ᠵᠡᠭᠡᠯᠢ ᠶᠢᠨ | ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠬᠤᠩ ᠰᠢᠩ ᠶᠠᠨ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠢᠯ ᠣᠯᠭᠤᠯᠲᠠ ᠶᠢᠨ ᠨᠡᠶᠢᠲᠡ ᠶᠢᠨ | ᠠᠰᠠᠷᠠᠮᠵᠢ ᠶᠢᠨ ᠲᠠᠶᠢᠯᠤᠮᠵᠢ ᠥᠷᠨᠢᠭᠦᠯᠵᠦ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ | ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠪᠡ᠃ | | | | | ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠨᠢ ︽ᠠᠵᠢᠯ ᠣᠯᠭᠤᠯᠲᠠ ᠶᠢᠨ ᠭᠠᠷᠬᠤ ᠵᠠᠮ | ᠬᠠᠮᠢᠭ᠎ᠠ ᠪᠠᠶᠢᠬᠤ︾ ᠪᠠᠷ ᠰᠡᠳᠦᠪ ᠪᠣᠯᠭᠠᠵᠤ᠂ ᠬᠢᠴᠢᠶᠡᠯᠯᠡᠬᠦ ᠪᠠᠭᠰᠢ ᠨᠠᠷ ᠠᠵᠢᠯ ᠣᠯᠭᠤᠯᠲᠠ ᠶᠢᠨ ᠪᠠᠶᠢᠳᠠᠯ᠂ ᠠᠵᠢᠯ | ᠲᠥᠷᠥᠯ ᠤᠨ ᠵᠠᠳᠠᠯᠤᠯᠲᠠ᠂ ᠠᠵᠢᠯ ᠮᠡᠷᠭᠡᠵᠢᠯ ᠤᠨ ᠲᠥᠯᠥᠪᠵᠢᠭᠦᠯᠭᠡ᠂ ᠠᠵᠢᠯ ᠣᠯᠭᠤᠯᠲᠠ ᠶᠢᠨ ᠵᠢᠯᠣᠭᠤᠳᠣᠯᠭ᠎ᠠ | ᠵᠢᠴᠢ ᠠᠵᠢᠯ ᠣᠯᠭᠤᠯᠲᠠ ᠶᠢᠨ ᠬᠦᠴᠢᠷ ᠪᠡᠷᠬᠡᠰᠢᠶᠡᠯ ᠢ ᠬᠡᠷᠬᠢᠨ ᠡᠪᠳᠡᠬᠦ ᠵᠡᠷᠭᠡ ᠲᠠᠯ᠎ᠠ ᠪᠠᠷ ᠲᠥᠬᠦᠮ ᠲᠣᠳᠣᠷᠬᠠᠶ᠂ | ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠣᠳᠣᠬᠠᠨ ᠤ ᠠᠵᠢᠯ ᠣᠯᠭᠤᠯᠲᠠ ᠶᠢᠨ ᠬᠦᠨᠳᠦ ᠬᠡᠴᠡᠭᠦᠤ ᠪᠠᠶᠢᠳᠠᠯ᠂ | ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠠᠬᠢ ᠠᠵᠢᠯ ᠣᠯᠭᠤᠯᠲᠠ ᠶᠢᠨ ᠥᠷᠭᠡᠨ ᠠᠭᠤᠳᠠᠮ ᠢᠷᠡᠭᠡᠳᠦᠶ ᠶᠢ | ᠪᠤᠰᠤᠳᠴᠢ ᠪᠠᠷ ᠪᠥᠬᠦ ᠲᠠᠯ᠎ᠠ ᠪᠠᠷ ᠵᠠᠳᠠᠯᠬᠤ ᠶᠢᠨ ᠬᠠᠮᠲᠤ᠂ IDC ᠠᠵᠢᠯᠯᠠᠭᠤᠯᠵᠤ ᠬᠠᠮᠠᠭᠠᠯᠠᠬᠤ᠂ ᠰᠠᠯᠬᠢᠨ | ᠬᠦᠴᠦᠨ ᠤ ᠴᠠᠬᠢᠯᠭᠠᠨ ᠤ ᠠᠵᠢᠯᠯᠠᠭᠤᠯᠵᠤ ᠬᠠᠮᠠᠭᠠᠯᠠᠬᠤ᠂ ᠬᠡᠷᠡᠯ ᠴᠡᠨᠡᠭ ᠤᠨ ᠠᠵᠢᠯᠯᠠᠭᠤᠯᠵᠤ ᠬᠠᠮᠠᠭᠠᠯᠠᠬᠤ᠂ | ᠤᠶᠤᠨᠲᠤ ᠴᠠᠬᠢᠯᠭᠠᠨ ᠲᠣᠣᠷ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠮᠢᠳᠤ ᠪᠣᠳᠠᠰ ᠤᠨ ᠮᠡᠷᠭᠡᠵᠢᠯ ᠵᠡᠷᠭᠡ | ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠬᠠᠩᠭᠠᠪᠠ᠃ ᠠᠵᠢᠯ | ᠣᠯᠭᠤᠬᠤ ᠵᠢᠯᠣᠭᠤᠳᠣᠯᠭ᠎ᠠ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠵᠢᠯ ᠣᠯᠭᠤᠬᠤ ᠠᠵᠢᠯ ᠤᠨ | ᠪᠠᠶᠢᠷᠢ ᠬᠠᠩᠭᠠᠬᠤ ᠵᠡᠷᠭᠡ ᠰᠢᠷᠢᠰ ᠲᠠᠶᠢᠯᠤᠮᠵᠢ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ | ᠰᠤᠷᠤᠯᠴᠠᠭᠰᠠᠳ ᠲᠤ ᠨᠢᠭᠡ ᠵᠦᠢᠯ ᠤᠨ ᠮᠡᠷᠭᠡᠵᠢᠯ ᠰᠤᠷᠭᠠᠪᠠ᠃ | | | | ᠲᠣᠰ ᠤᠳᠠᠭᠠᠨ ᠤ ᠠᠵᠢᠯ ᠣᠯᠭᠤᠯᠲᠠ ᠶᠢᠨ ᠲᠠᠶᠢᠯᠤᠮᠵᠢ ᠶᠢ ᠰᠣᠨᠣᠰᠤᠭᠰᠠᠨ ᠰᠤᠷᠤᠯᠴᠠᠭᠰᠠᠳ ᠤᠨ ᠣᠯᠠᠩᠬᠢ ᠨᠢ | ᠶᠡᠭᠡ ᠰᠤᠷᠭᠠᠭᠤᠯᠢ ᠶᠢᠨ ᠣᠶᠤᠲᠠᠨ ᠪᠠ ᠵᠠᠯᠠᠭᠤ ᠬᠥᠳᠡᠯᠮᠦᠷᠢ ᠬᠦᠴᠦᠨ ᠪᠠᠶᠢᠵᠤ᠂ ᠲᠡᠳᠡ ᠪᠦᠷ ᠶᠡᠭᠡ | ᠣᠯᠤᠯᠲᠠ ᠲᠠᠢ ᠭᠡᠵᠦ ᠢᠯᠡᠷᠬᠡᠶᠢᠯᠡᠵᠡᠢ᠃ | ᠰᠢᠨ ᠨᠠᠨ ᠵᠡᠭᠡᠯᠢ ᠶᠢᠨ ᠨᠡᠶᠢᠭᠡᠮ ᠲᠣᠭᠤᠷᠢᠭ ᠨᠢ ᠲᠥᠪ ᠤᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ | ︽ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠤᠯᠤᠰ ᠤᠨ ᠳᠡᠰ ᠤᠨ ᠭᠦᠢᠴᠡᠳ ᠠᠵᠢᠯ ᠣᠯᠭᠤᠬᠤ ᠨᠡᠶᠢᠭᠡᠮ ᠲᠣᠭᠤᠷᠢᠭ︾ ᠤᠨ ᠳᠠᠪᠠᠭᠤᠯᠢᠭ ᠢ | ᠢᠳᠡᠪᠬᠢᠲᠡᠢ ᠪᠠᠷ ᠪᠠᠳᠠᠷᠠᠭᠤᠯᠤᠨ᠂ ᠠᠵᠤ ᠠᠬᠤᠢ ᠶᠢ ᠬᠥᠭᠵᠢᠭᠦᠯᠵᠦ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠬᠦ᠂ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠢᠯ ᠤᠨ ᠪᠠᠶᠢᠷᠢ ᠠᠴᠠ ᠪᠠᠨ | ᠪᠠᠭᠤᠵᠤ ᠠᠵᠢᠯ ᠠᠯᠳᠠᠭᠰᠠᠨ ᠰᠠᠭᠤᠭᠠᠯᠢ ᠠᠷᠠᠳ ᠲᠤ ᠦᠢᠯᠡᠴᠢᠯᠡᠬᠦ ᠶᠢ ᠭᠤᠣᠯ ᠠᠵᠢᠯ ᠪᠣᠯᠭᠠᠨ ᠠᠳᠬᠤᠵᠤ᠂ ᠡᠯ᠎ᠡ | ᠲᠥᠷᠥᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠣᠷᠠᠭᠤᠯᠤᠯ ᠬᠢᠬᠦ᠂ ᠭᠠᠳᠠᠷ ᠣᠷᠣᠨ ᠪᠠ ᠲᠤᠰ | ᠭᠠᠵᠠᠷ ᠤᠨ ᠠᠵᠤ ᠠᠬᠤᠶᠢᠯᠠᠯ ᠢ ᠵᠣᠬᠢᠴᠠᠭᠤᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠶᠢ | ᠵᠣᠷᠢᠭᠵᠢᠭᠤᠯᠬᠤ᠂ ᠠᠮᠢᠳᠤᠯᠢᠭ ᠢᠶᠠᠷ ᠠᠵᠢᠯ ᠣᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ | ᠠᠷᠠᠳ ᠤᠨ ᠠᠳᠠᠯ ᠦᠢᠯᠡᠰ ᠪᠣᠰᠬᠠᠵᠤ ᠠᠵᠢᠯ ᠣᠯᠬᠤ ᠠᠬᠢᠴᠠ ᠶᠢ ᠶᠡᠬᠡᠪᠡᠷ ᠠᠬᠢᠭᠤᠯᠵᠤ᠂ ᠰᠠᠭᠤᠭᠠᠯᠢ ᠠᠷᠠᠳ ᠤᠨ | ᠠᠵᠢᠯ ᠣᠯᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ | ᠣᠳᠣ ᠪᠣᠯᠲᠠᠯ᠎ᠠ᠂ ᠰᠢᠨ ᠨᠠᠨ ᠵᠡᠭᠡᠯᠢ ᠶᠢᠨ ᠬᠠᠷᠢᠶᠠᠨ ᠳᠤ 80 ᠭᠠᠷᠤᠢ ᠬᠥᠮᠥᠨ ᠪᠡᠶ᠎ᠡ ᠪᠠᠨ ᠳᠠᠭᠠᠭᠠᠵᠤ ᠦᠢᠯᠡᠰ | ᠪᠣᠰᠬᠠᠵᠤ᠂ 300 ᠭᠠᠷᠤᠢ ᠬᠥᠮᠥᠨ ᠠᠵᠢᠯ ᠤᠨ ᠪᠠᠶᠢᠷᠢ ᠣᠯᠵᠤ᠂ 400 ᠰᠢᠬᠠᠮ ᠬᠥᠮᠥᠨ ᠠᠮᠢᠳᠤᠯᠢᠭ ᠢᠶᠠᠷ ᠠᠵᠢᠯ | ᠣᠯᠭᠤᠬᠤ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠨᠡᠶᠢᠭᠡᠮ ᠲᠣᠭᠤᠷᠢᠭ ᠲᠤ ︽ | ᠠᠵᠢᠯ ᠣᠯᠣᠭᠠᠳᠤᠢ︾ ᠭᠡᠷ ᠪᠦᠯᠢ ᠦᠭᠡᠢ ᠪᠣᠯᠵᠤ᠂ ᠠᠵᠢᠯ ᠣᠯᠵᠤ ᠦᠢᠯᠡᠰ ᠪᠣᠰᠬᠠᠬᠤ ᠠᠵᠢᠯ ᠤᠨ ᠦᠷ᠎ᠡ | ᠪᠦᠲᠦᠮᠵᠢ ᠨᠢ ᠬᠤᠰᠢᠭᠤ᠂ ᠤᠯᠠᠭᠠᠨᠬᠠᠳᠠ ᠬᠤᠲᠠ᠂ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠭᠦᠢᠴᠡᠳ | ᠨᠤᠲᠠᠯᠠᠯᠲᠠ ᠶᠢ ᠣᠯᠣᠭᠰᠠᠨ ᠪᠠᠶᠢᠨ᠎ᠠ᠃ |