ᠤᠷᠤᠢ ᠶᠢᠨ ᠰᠦᠮ᠎ᠡ ᠰᠤᠮᠤ᠄ ᠣᠯᠠᠨ ᠲᠠᠯ᠎ᠠ ᠪᠠᠷ ᠬᠦᠴᠦᠯᠡᠵᠦ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ︽ᠳᠥᠷᠪᠡᠨ  ᠲᠠᠯ᠎ᠠ︾ ᠪᠠᠷ  ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/2/12
         ᠣᠶᠢᠷ᠎ᠠ ᠶᠢᠨ ᠵᠢᠯ ᠳᠤ᠂ ᠣᠷᠤᠢ ᠶᠢᠨ ᠰᠦᠮ᠎ᠡ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ︽ᠳᠥᠷᠪᠡᠨ  ᠲᠠᠯ᠎ᠠ︾ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ  ᠠᠬᠢᠭᠤᠯᠤᠨ᠎ᠠ᠃    ᠲᠣᠭᠲᠠᠴᠠ ᠶᠢ ᠲᠡᠭᠦᠯᠳᠡᠷᠵᠢᠭᠦᠯᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠳᠦᠷᠢᠮᠵᠢᠭᠦᠯᠦᠨ᠎ᠡ᠃ ᠪᠥᠬᠦ ᠠᠵᠢᠯᠲᠠᠨ ᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ ᠣᠷᠤᠢ ᠶᠢᠨ ᠰᠦᠮ᠎ᠡ ᠰᠤᠮᠤ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠰᠦᠯᠵᠢᠶᠡᠨ ᠤ ᠰᠢᠰᠲ᠋ᠧᠮ ᠢ ᠪᠠᠶᠢᠭᠤᠯᠤᠭᠰᠠᠨ ᠪᠥᠭᠡᠳ ᠡᠯ᠎ᠡ ᠥᠷᠲᠡᠭᠡ ᠶᠢᠨ ᠡᠷᠭᠢᠯᠡᠭᠰᠡᠨ ᠠᠵᠢᠯ ᠤᠨ ᠪᠠᠶᠢᠷᠢ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠨᠠᠮ ᠤᠨ ᠬᠤᠷᠢᠶ᠎ᠠ ᠤᠳᠤᠷᠢᠳᠤᠭᠰᠠᠨ᠂ ᠰᠢᠰᠲ᠋ᠧᠮᠵᠢᠭᠦᠯᠦᠭᠰᠡᠨ ᠬᠠᠮᠢᠶᠠᠷᠤᠯᠲᠠ ᠲᠣᠳᠣᠷᠬᠠᠶ᠂ ᠡᠯ᠎ᠡ ᠰᠠᠯᠠᠭ᠎ᠠ ᠮᠥᠴᠢᠷ ᠴᠤᠭᠭᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠲᠠᠩᠰᠠ ᠡᠪᠬᠡᠮᠡᠯ ᠤᠨ ᠬᠠᠮᠢᠶᠠᠷᠤᠯᠲᠠ ᠳᠤᠮᠳᠠ ᠲᠠᠩᠰᠠ ᠡᠪᠬᠡᠮᠡᠯ ᠳᠤ ᠣᠷᠣᠭᠤᠯᠬᠤ᠂ ᠡᠷᠭᠢᠯᠲᠡ ᠳᠤ ᠣᠷᠣᠭᠤᠯᠬᠤ ᠵᠡᠷᠭᠡ ᠴᠤᠪᠤᠷᠠᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠲᠦᠷᠢᠮ ᠢ ᠲᠣᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠠᠩᠰᠠ ᠡᠪᠬᠡᠮᠡᠯ ᠤᠨ ᠠᠵᠢᠯ ᠢ ᠲᠦᠷᠢᠮ ᠤᠨ ᠬᠢᠵᠠᠭᠠᠷᠯᠠᠯ ᠳᠣᠤᠷ᠎ᠠ ᠵᠢᠷᠤᠮᠵᠢᠭᠤᠯᠤᠨ ᠠᠵᠢᠯᠯᠠᠭᠤᠯᠤᠨ᠎ᠠ᠃    ᠬᠠᠮᠢᠶᠠᠷᠤᠯᠲᠠ ᠶᠢ ᠴᠢᠩᠳᠠᠯᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠣᠷᠤᠢ ᠶᠢᠨ ᠰᠦᠮ᠎ᠡ ᠰᠣᠮᠣ ᠳᠠᠩᠰᠠ ᠡᠪᠬᠡᠮᠡᠯ ᠤᠨ ᠠᠵᠢᠯ ᠢ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠲᠦᠷᠦᠯ ᠵᠦᠢᠯ ᠳᠤ ᠣᠷᠤᠭᠤᠯᠬᠤ ᠶᠢ ᠪᠠᠷᠢᠮᠲᠠᠯᠠᠵᠤ᠂ ᠳᠠᠩᠰᠠ ᠡᠪᠬᠡᠮᠡᠯ ᠤᠨ ᠰᠠᠭᠤᠷᠢ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠦᠨ᠂ ᠳᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠲᠤᠰᠬᠠᠢ ᠰᠡᠳᠦᠪᠲᠦ  ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠲᠦᠷᠦᠯ ᠤᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠳᠠᠩᠰᠠ ᠡᠪᠬᠡᠮᠡᠯ ᠳᠤ ᠣᠷᠤᠭᠤᠯᠬᠤ᠂ ᠬᠠᠳᠠᠭᠠᠯᠠᠬᠤ᠂ ᠠᠰᠢᠭᠯᠠᠬᠤ ᠪᠠ ᠲᠤᠭ᠎ᠠ ᠪᠦᠷᠢᠳᠭᠡᠯ ᠤᠨ ᠠᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠨ᠎ᠡ᠃ ᠬᠥᠮᠥᠷᠭᠡ ᠳᠤ ᠣᠷᠣᠭᠤᠯᠬᠤ᠂ ᠬᠥᠮᠥᠷᠭᠡ ᠠᠴᠠ ᠭᠠᠷᠭᠠᠬᠤ ᠪᠣᠭᠤᠮᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠲᠠᠩᠰᠠ ᠡᠪᠬᠡᠮᠡᠯ ᠤᠨ ᠲᠠᠰᠤᠭ ᠢ ᠲᠣᠭᠤᠷᠢᠨ ᠪᠠᠶᠢᠴᠠᠭᠠᠬᠤ ᠡᠷᠴᠢᠮ ᠵᠢᠴᠢ ᠲᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠵᠤ᠂ ᠲᠠᠩᠰᠠ ᠡᠪᠬᠡᠮᠡᠯ ᠢ ᠭᠥᠯᠢᠶᠡᠨ ᠠᠪᠬᠤ ᠶᠠᠪᠤᠴᠠ ᠳᠤ᠂ ᠢᠯᠡᠷᠡᠭᠰᠡᠨ ᠶᠠᠰᠤ ᠴᠢᠨᠠᠷ ᠤᠨ ᠠᠰᠠᠭᠤᠳᠠᠯ ᠢ ᠴᠠᠭ ᠲᠤᠬᠠᠶ ᠳᠤᠨᠢ ᠬᠠᠮᠢᠶ᠎ᠠ ᠪᠥᠬᠦᠶ ᠥᠷᠲᠡᠭᠡ ᠶᠢᠨ ᠭᠦᠢᠴᠡᠳᠬᠡᠬᠦ ᠲᠠᠢ ᠬᠠᠷᠢᠯᠴᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠲᠣᠰ ᠠᠰᠠᠭᠤᠳᠠᠯ ᠢ ᠲᠡᠮᠳᠡᠭᠯᠡᠬᠦ ᠶᠢᠨ ᠬᠠᠮᠲᠤ ᠬᠠᠮᠢᠶ᠎ᠠ ᠪᠥᠬᠦᠶ ᠬᠤᠷᠠᠯ ᠳᠤ ᠵᠠᠷᠯᠠᠨ  ᠮᠡᠳᠡᠭᠳᠡᠨ᠎ᠡ᠃     ᠲᠦᠬᠦᠭᠡᠷᠦᠮᠵᠢ ᠶᠢ ᠳᠡᠬᠦᠯᠳᠡᠷᠵᠢᠬᠦᠯᠵᠦ᠂ ᠳᠡᠩᠰᠡ ᠡᠪᠬᠡᠮᠡᠯ ᠤᠨ ᠬᠠᠮᠢᠶᠡᠷᠦᠯᠳᠡ ᠶᠢ  ᠪᠠᠷᠢᠮᠵᠢᠶᠠᠵᠢᠭᠤᠯᠤᠨ᠎ᠠ᠃ ᠲᠠᠩᠰᠠ ᠡᠪᠬᠡᠮᠡᠯ ᠤᠨ ᠠᠮᠤᠷ ᠲᠦᠪᠰᠢᠨ ᠤ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠵᠤ᠂ ᠲᠠᠩᠰᠠ ᠡᠪᠬᠡᠮᠡᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠰᠤᠮᠤ ᠠᠴᠠ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠣᠭᠴᠢ ᠳᠤ ᠲᠠᠩᠰᠠ ᠡᠪᠬᠡᠮᠡᠯ ᠤᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ  ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠶᠢᠨ ᠪᠣᠯᠪᠠᠰᠤᠷᠠᠯ᠂ ︽ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ︾ ᠤᠨ ᠤᠬᠠᠭᠤᠯᠭ᠎ᠠ᠂ ᠲᠠᠩᠰᠠ ᠡᠪᠬᠡᠮᠡᠯ ᠤᠨ ᠨᠢᠭᠤᠴᠠ ᠶᠢ ᠬᠠᠮᠠᠭᠠᠯᠠᠵᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠴᠢᠩᠳᠠᠯᠠᠵᠤ᠂ ᠲᠠᠩᠰᠠ ᠡᠪᠬᠡᠮᠡᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ  ᠠᠷᠢᠯᠭᠠᠨ᠎ᠠ᠃ ᠲᠠᠩᠰᠠ ᠡᠪᠬᠡᠮᠡᠯ ᠤᠨ ᠠᠵᠢᠯ ᠤᠨ ᠬᠦᠴᠦᠨ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠰᠤᠮᠤ 2024 ᠣᠨ ᠳᠤ 7 ᠰᠠᠷ᠎ᠠ ᠳᠤ ᠲᠠᠩᠰᠠ ᠡᠪᠬᠡᠮᠡᠯ ᠤᠨ ᠲᠠᠰᠤᠭ ᠢ ᠰᠡᠯᠪᠢᠨ ᠵᠠᠰᠠᠵᠤ᠂ 8 ᠳᠤᠭᠤᠶᠢᠯᠠᠩ ᠲᠠᠩᠰᠠ ᠡᠪᠬᠡᠮᠡᠯ ᠤᠨ ᠬᠡᠷᠡᠭᠰᠡᠯ ᠢ ᠰᠢᠨ᠎ᠡ ᠪᠠᠷ ᠨᠡᠮᠡᠭᠳᠡᠭᠦᠯᠦᠨ᠂ ᠰᠠᠭᠤᠷᠢ ᠶᠢ ᠴᠢᠩᠭᠠᠳᠬᠠᠬᠤ ᠶᠢᠨ ᠬᠠᠮᠲᠤ᠂ ᠲᠠᠩᠰᠠ ᠡᠪᠬᠡᠮᠡᠯ ᠤᠨ ᠣᠷᠴᠢᠨ ᠲᠣᠭᠤᠷᠢᠨ ᠤ ᠠᠮᠤᠷ ᠲᠦᠪᠰᠢᠨ ᠢ ᠪᠦᠲᠦᠮᠵᠢᠲᠡᠶ  ᠪᠠᠲᠤᠯᠠᠨ᠎ᠠ᠃    ᠠᠬᠢᠴᠠ ᠶᠢ ᠲᠦᠷᠭᠡᠳᠬᠡᠵᠦ᠂ ᠳᠠᠩᠰᠠ ᠡᠪᠬᠡᠮᠡᠯ ᠤᠨ ᠬᠠᠮᠢᠶᠠᠷᠤᠯᠲᠠ  ᠶᠢ ᠮᠡᠳᠡᠭᠡ ᠵᠠᠩᠬᠢᠵᠢᠭᠤᠯᠤᠨ᠎ᠠ᠃ ᠣᠷᠤᠢ ᠶᠢᠨ ᠰᠦᠮ᠎ᠡ ᠰᠣᠮᠣ ︽ᠮᠡᠳᠡᠭᠡ ᠵᠠᠩᠭᠢᠴᠢᠯᠠᠯᠲᠠ + ᠳᠠᠩᠰᠠ ᠡᠪᠬᠡᠮᠡᠯ︾ ᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠠᠷᠢᠮᠲᠠᠯᠠᠵᠤ᠂ ᠬᠡᠰᠡᠭ ᠴᠠᠭᠠᠰᠤᠨ ᠳᠠᠩᠰᠠ ᠡᠪᠬᠡᠮᠡᠯ ᠢ ᠴᠠᠭ ᠲᠤᠬᠠᠢ ᠳᠤᠨᠢ ᠲᠣᠭᠠᠵᠢᠭᠤᠯᠤᠨ ᠡᠳ᠋ᠰᠢᠭᠦᠯᠬᠦ ᠶᠢᠨ ᠬᠠᠮᠲᠤ ᠰᠢᠰᠲ᠋ᠧᠮᠵᠢᠭᠦᠯᠦᠨ ᠬᠠᠮᠢᠶᠠᠷᠴᠤ᠂ ᠴᠠᠭᠠᠰᠤᠨ ᠪᠠ ᠲᠣᠭᠠᠴᠢᠯᠠᠭᠰᠠᠨ ᠳᠠᠩᠰᠠ ᠡᠪᠬᠡᠮᠡᠯ ᠢ ᠬᠤᠣᠰ ᠴᠢᠭᠯᠡᠯ ᠢᠶᠠᠷ ᠳᠠᠩᠰᠠ ᠡᠪᠬᠡᠮᠡᠯ ᠳᠤ ᠣᠷᠣᠭᠤᠯᠬᠤ ᠶᠢ ᠪᠡᠶᠡᠯᠡᠭᠦᠯᠵᠦ᠂ ᠳᠠᠩᠰᠠ ᠡᠪᠬᠡᠮᠡᠯ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ  ᠳᠡᠭᠡᠭᠰᠢᠯᠡᠭᠦᠯᠦᠨ᠎ᠡ᠃ ᠡᠭᠦᠨ ᠤ ᠬᠠᠮᠲᠤ ᠣᠯᠠᠨ ᠲᠦᠮᠡᠨ ᠤ ᠬᠠᠮᠢᠶ᠎ᠠ ᠪᠥᠬᠦᠶ ᠲᠠᠩᠰᠠ ᠡᠪᠬᠡᠮᠡᠯ ᠢ ᠪᠠᠶᠢᠴᠠᠭᠠᠨ ᠦᠵᠡᠬᠦ ᠳᠤ ᠲᠥᠬᠦᠮ ᠦᠵᠡᠭᠦᠯᠵᠦ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ  ᠪᠡᠶᠡᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号