ᠶᠤᠸᠠᠨ ᠪᠤᠤ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠢᠯᠴᠢ ᠶᠢᠨ ᠴᠠᠬᠢᠯᠭᠠᠨ ᠭᠠᠷᠭᠠᠬᠤ ᠠᠮᠢᠳᠤᠯᠢᠭ ᠥᠭᠡᠷᠡᠴᠢᠯᠡᠯᠲᠡ ᠶᠢᠨ ᠰᠢᠩᠭᠡᠨ ᠠᠪᠬᠤ ᠰᠢᠨ᠎ᠡ ᠡᠨᠧᠷᠭᠢ ᠶᠢᠨ ᠲᠥᠷᠥᠯ ᠵᠦᠢᠯ ᠵᠦᠪᠰᠢᠶᠡᠷᠡᠭᠳᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2025/2/12
    ᠣᠶᠢᠷ᠎ᠠ ᠳᠤ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢᠨ  ᠰᠢᠩᠭᠡᠨ ᠠᠪᠬᠤ ᠰᠢᠨ᠎ᠡ ᠡᠨᠧᠷᠭᠢ ᠶᠢᠨ ᠲᠥᠷᠥᠯ ᠵᠦᠢᠯ ᠨᠢ ᠤᠯᠠᠭᠠᠨᠬᠠᠳᠠ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠵᠥᠪᠰᠢᠶᠡᠷᠡᠯ ᠢ ᠤᠯᠪᠠ᠃ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠪᠣᠯ ᠠᠤᠬᠠᠨ ᠬᠤᠰᠢᠭᠤᠨ ᠤ ᠭᠤᠷᠪᠠᠨᠬᠤᠸᠠ ᠪᠠᠯᠭᠠᠰᠤ ᠪᠣᠯᠤᠨ᠎ᠠ᠂ ᠶᠤᠸᠠᠨ ᠪᠦᠦ ᠱᠠᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 4 ᠳ᠋ᠦ᠋ᠭᠡᠷ ᠨᠣᠮᠧᠷᠲᠤ ᠮᠠᠰᠢᠨ ᠴᠣᠭᠴᠠᠯᠠᠪᠤᠷᠢ ᠳᠤ ᠲᠦᠰᠢᠭᠯᠡᠨ ᠠᠮᠢᠳᠤᠯᠢᠭ ᠴᠢᠨᠠᠷᠲᠠᠶ ᠥᠭᠡᠷᠡᠴᠢᠯᠡᠯᠲᠡ ᠬᠢᠵᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠰᠢᠨ᠎ᠡ ᠪᠠᠷ ᠨᠡᠮᠡᠭᠳᠡᠭᠦᠯᠵᠦ᠂ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 2025 ᠣᠨ ᠤ 6 ᠳ᠋ᠤᠭᠠᠷ ᠰᠠᠷ᠎ᠠ ᠳᠤ ᠠᠵᠢᠯ ᠡᠬᠢᠯᠡᠭᠦᠯᠵᠦ᠂ 2025 ᠣᠨ ᠤ 12 ᠳ᠋ᠤᠭᠠᠷ ᠰᠠᠷ᠎ᠠ ᠳᠤ ᠠᠰᠢᠭᠯᠠᠯᠲᠠ ᠳᠤ  ᠣᠷᠤᠭᠤᠯᠬᠤ ᠪᠠᠷ ᠪᠠᠶᠢᠨ᠎ᠠ ᠃    ᠲᠠᠷᠠᠭᠠᠴᠢ ᠶᠢᠨ ᠠᠯᠬᠤᠮ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠥᠬᠦᠶ ᠭᠠᠷᠳᠠᠮ ᠢ ᠭᠦᠢᠴᠡᠳᠭᠡᠬᠦ ᠵᠢᠴᠢ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号