| 2 ᠰᠠᠷ᠎ᠠ ᠶᠢᠨ 12 ᠤᠨ ᠡᠳᠦᠷ᠂ ᠠᠤᠬᠠᠨ ᠬᠤᠰᠢᠭᠤᠨ ᠤ ᠭᠤᠤᠯᠳᠠᠯᠭ᠎ᠠ ᠲᠠᠢ ᠭᠤᠤᠯ ᠮᠥᠷᠡᠨ ᠤ ︽ | ᠭᠤᠯᠳᠤᠷᠢᠯ ᠢ ᠴᠡᠪᠡᠷᠯᠡᠨ ᠠᠷᠢᠯᠭᠠᠬᠤ ᠠᠵᠢᠯᠯᠠᠭ᠎ᠠ︾ ᠵᠢᠴᠢ ᠯᠤᠤᠬ᠎ᠠ ᠶᠢᠨ ᠭᠤᠤᠯ ᠤᠨ ᠭᠤᠤᠯ ᠤᠨ ᠵᠠᠮ ᠢ ᠴᠡᠪᠡᠷᠯᠡᠨ | ᠵᠠᠰᠠᠬᠤ ᠠᠵᠢᠯ ᠢ ᠠᠬᠢᠭᠤᠯᠬᠤ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠰᠢᠭᠤᠨ ᠤ | ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠮᠢᠶ᠎ᠠ ᠪᠥᠬᠦᠶ | ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠤᠰᠤᠨ | ᠠᠰᠢᠭᠯᠠᠯᠲᠠ ᠶᠢᠨ ᠥᠷᠲᠡᠭᠡ ᠶᠢᠨ ᠳᠠᠷᠤᠭ᠎ᠠ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ︽ᠠᠤᠬᠠᠨ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ︿ᠳᠥᠷᠪᠡᠨ ᠡᠷᠦᠢ ᠬᠤᠷᠤᠢ | ᠪᠠᠶᠢᠬᠤ ᠶᠢ ᠠᠷᠢᠯᠭᠠᠬᠤ﹀ ᠶᠢ ᠡᠷᠬᠢᠨ ᠦᠵᠡᠬᠦ ᠵᠢᠴᠢ ︽ᠭᠤᠯᠳᠤᠷᠢᠯ ᠢ ᠴᠡᠪᠡᠷᠯᠡᠨ ᠠᠷᠢᠯᠭᠠᠬᠤ ᠠᠵᠢᠯᠯᠠᠭ᠎ᠠ︾ ᠶᠢᠨ | ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ ᠯᠤᠤᠬ᠎ᠠ ᠶᠢᠨ ᠭᠤᠤᠯ ᠤᠨ ︿ᠭᠤᠯᠳᠤᠷᠢᠯ ᠢ ᠴᠡᠪᠡᠷᠯᠡᠨ | ᠠᠷᠢᠯᠭᠠᠬᠤ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ︾ ᠵᠢᠴᠢ ︽ᠯᠤᠤᠬ᠎ᠠ ᠶᠢᠨ ᠭᠤᠤᠯ᠂ ᠨᠠᠷᠢᠳ ᠤᠨ ᠭᠤᠤᠯ᠂ | ᠮᠥᠩᠬᠡ ᠭᠤᠤᠯ᠂ ᠪᠡᠷᠬᠡ ᠶᠢᠨ ᠭᠤᠤᠯ ᠵᠡᠷᠭᠡ 4 ᠭᠤᠤᠯ ᠮᠥᠷᠡᠨ ᠤ ᠭᠤᠤᠯ ᠤᠨ ᠭᠤᠯᠳᠤᠷᠢᠯ ᠤᠨ ᠣᠷᠣᠨ ᠳᠤ | ᠳᠠᠷᠢᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠠᠯᠪᠠᠨ ᠵᠠᠷ︾ ᠲᠤ | ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠨ ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠬᠤᠶᠠᠷ ᠲᠥᠰᠦᠯ | ᠨᠢᠭᠡ ᠠᠯᠪᠠᠨ ᠵᠠᠷ ᠤᠨ ᠠᠭᠤᠯᠭ᠎ᠠ ᠶᠢᠨ ᠲᠤᠬᠠᠶ ᠰᠠᠨᠠᠯ ᠰᠠᠨᠠᠭᠤᠯᠭ᠎ᠠ ᠪᠠᠨ ᠢᠯᠡᠳᠬᠡᠪᠡ᠃ | ᠵᠢᠶ ᠰᠢᠤᠢ ᠳ᠋ᠦᠩ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠬᠠᠶ 3 ᠰᠠᠨᠠᠯ ᠳᠤᠷᠠᠳᠪᠠ᠃ | ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠷᠬᠡᠪᠰᠢ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠭᠤᠤᠯ ᠮᠥᠷᠡᠨ ᠤ | ᠦᠶᠡᠷ ᠵᠠᠯᠠᠬᠤ ᠴᠢᠳᠠᠪᠤᠷᠢ ᠶᠢ ᠰᠡᠷᠭᠦᠭᠡᠬᠦ ᠶᠢ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠤᠨ ᠲᠡᠷᠢᠭᠦᠨ ᠴᠢᠬᠤᠯᠠ | ᠡᠭᠦᠷᠭᠡ ᠪᠣᠯᠭᠠᠵᠤ᠂ ᠭᠤᠤᠯ ᠮᠥᠷᠡᠨ ᠤ ᠳᠠᠷᠤᠭ᠎ᠠ ᠬᠥᠲᠥᠯᠥᠨ ᠳᠠᠭᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ | ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ | ᠪᠠᠶᠢᠩᠭᠤᠵᠢᠭᠰᠠᠨ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠯᠳᠦᠭᠦᠯᠬᠦ ᠬᠡᠷᠡᠭᠲᠡᠶ᠃ ᠬᠤᠶᠠᠷ ᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠰᠠᠭᠤᠳᠠᠯ ᠢ | ᠴᠡᠭᠴᠡᠯᠡᠨ ᠵᠠᠰᠠᠬᠤ ᠶᠢ ᠠᠬᠢᠭᠤᠯᠬᠤ ᠬᠡᠷᠡᠭᠲᠡᠢ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ | ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠰ ᠤᠳᠠᠭ᠎ᠠ ᠶᠢᠨ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠡᠷᠦᠢ ᠬᠤᠷᠤᠢ ᠪᠠᠶᠢᠬᠤ ᠶᠢ ᠠᠷᠢᠯᠭᠠᠬᠤ︾ ᠪᠠ ︽ ᠭᠤᠯᠳᠤᠷᠢᠯ ᠢ ᠴᠡᠪᠡᠷᠯᠡᠨ | ᠠᠷᠢᠯᠭᠠᠬᠤ ᠠᠵᠢᠯᠯᠠᠭ᠎ᠠ︾ ᠶᠢᠨ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠠᠵᠢᠯ ᠤᠨ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ | ᠠᠬᠤᠢ᠂ ᠤᠢ ᠰᠢᠭᠤᠢ ᠨᠤᠲᠤᠭ ᠪᠡᠯᠴᠢᠭᠡᠷ᠂ ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ | ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠤᠭᠤᠷᠣᠨᠳᠣᠬᠢ ᠤᠯᠤᠯᠴᠠᠭ᠎ᠠ ᠬᠠᠮᠵᠢᠯᠴᠠᠭ᠎ᠠ ᠪᠠᠨ | ᠪᠦᠬᠦ ᠲᠠᠯ᠎ᠠ ᠪᠠᠷ ᠴᠢᠩᠭᠠᠳᠬᠠᠵᠤ᠂ ᠲᠤᠰᠬᠠᠢ ᠠᠵᠢᠯᠯᠠᠭ᠎ᠠ ᠶᠢᠨ ᠥᠨᠳᠥᠷ ᠪᠦᠲᠦᠮᠵᠢᠲᠡᠢ ᠥᠷᠨᠢᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠤᠷᠪᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ | ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠰᠤᠮᠤ ᠵᠡᠭᠡᠯᠢ | ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠨᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ | ᠭᠦᠢᠴᠡᠳ ᠡᠵᠡᠮᠳᠡᠵᠦ᠂ ᠤᠬᠠᠭᠤᠯᠭ᠎ᠠ ᠶᠢ ᠪᠦᠬᠦᠨ ᠢ ᠪᠦᠷᠬᠦᠭᠦᠯᠬᠦ᠂ ᠲᠦᠷᠦ ᠶᠢᠨ ᠪᠤᠳᠤᠯᠭ᠎ᠠ ᠶᠢ ᠬᠥᠮᠦᠨ | ᠪᠦᠬᠦᠨ ᠳᠤ ᠮᠡᠳᠡᠭᠦᠯᠬᠦ ᠶᠢ ᠦᠨᠡᠨᠬᠦ ᠪᠠᠲᠤᠯᠠᠵᠤ᠂ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠠᠰᠢᠭᠲᠠᠢ ᠴᠠᠭ ᠬᠤᠭᠤᠴᠠᠭ᠎ᠠ ᠶᠢ ᠠᠳᠬᠤᠵᠤ᠂ ᠤᠯᠠᠨ ᠠᠷᠭ᠎ᠠ ᠵᠠᠮ ᠤᠯᠠᠨ | ᠬᠡᠯᠪᠡᠷᠢ ᠪᠠᠷ ︽ᠭᠤᠯᠳᠤᠷᠢᠯ ᠢ ᠴᠡᠪᠡᠷᠯᠡᠨ ᠠᠷᠢᠯᠭᠠᠬᠤ ᠠᠵᠢᠯᠯᠠᠭ᠎ᠠ︾ ᠶᠢᠨ ᠲᠦᠷᠦ ᠶᠢᠨ ᠪᠤᠳᠤᠯᠭ᠎ᠠ ᠶᠢᠨ | ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠬᠦᠯᠢᠴᠡᠩᠭᠦᠢ ᠨᠠᠷᠢᠨ | ᠨᠢᠮᠪᠠᠢ ᠰᠠᠶᠢᠲᠤᠷ ᠬᠢᠵᠦ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠡᠯ᠎ᠡ ᠵᠦᠢᠯ ᠤᠨ | ᠬᠠᠮᠢᠶᠠᠷᠤᠨ ᠡᠵᠡᠮᠳᠡᠬᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠭᠤᠯᠵᠤ᠂ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠪᠤᠯᠵᠢᠯᠠᠭᠴᠢ ᠲᠠᠨ ᠬᠤᠸᠠ |