| | 2 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ | ᠡᠷᠭᠢᠯᠡᠨ ᠬᠤᠷᠠᠯᠳᠤᠵᠤ᠂ ᠬᠡᠰᠡᠭ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠤ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ | ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠴᠢᠶᠠᠩ ᠲᠥᠪᠡᠳ ᠤᠨ ᠰᠢᠭᠠᠽᠧ | ᠬᠤᠲᠠ ᠶᠢᠨ ᠲᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠦᠯᠲᠡ ᠪᠠ ᠰᠧᠴᠤᠸᠠᠨ ᠤ ᠢ ᠪᠢᠨ ᠬᠤᠲᠠ ᠶᠢᠨ | ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠳᠤ ᠭᠠᠷᠭᠠᠭᠰᠠᠨ ᠴᠢᠬᠤᠯᠠ ᠵᠢᠭᠠᠪᠤᠷᠢ᠂ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ | ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ᠂ ᠠᠤᠬᠠᠨ ᠬᠤᠰᠢᠭᠤᠨ ᠤ ᠬᠡᠷᠡᠯ ᠴᠡᠨᠡᠭ ᠢᠶᠠᠷ ᠬᠠᠪᠰᠤᠷᠤᠨ | ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ | ︶᠂ 2025 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠨᠥᠬᠦᠪᠥᠷᠢ ᠶᠢᠨ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠡᠭᠦᠷᠭᠡ︶᠂ ︽2025 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠠᠯᠠ | ᠮᠥᠩᠭᠦ ᠶᠢ ᠬᠤᠪᠢᠶᠠᠷᠢᠯᠠᠬᠤ ᠲᠥᠯᠥᠪᠯᠡᠭᠡ︾ ᠶᠢᠨ ᠲᠣᠬᠠᠢ᠂ ᠤᠯᠤᠰ ᠤᠨ ᠵᠠᠮ ᠤᠨ 305 ᠱᠤᠭᠤᠮ ᠤᠨ ᠳ᠋ᠠ | ᠾᠧᠢ ᠱᠠᠨ ᠠᠭᠤᠯᠠᠨ ᠠᠴᠠ ᠶᠠᠩᠴᠠᠩ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠵᠠᠭᠪᠤᠷ ᠢ ᠳᠣᠭᠢᠷᠠᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ 2025 ᠣᠨ ᠤ ᠠᠩᠬᠠᠳᠠᠭᠴᠢ ᠪᠦᠯᠦᠭ ᠣᠷᠳᠣ ᠬᠤᠭᠤᠴᠠᠭᠠᠨ ᠤ | ᠤᠯᠤᠰ ᠤᠨ ᠵᠢᠭᠡᠯᠡᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠬᠤᠯᠪᠣᠭᠳᠠᠯ ᠪᠥᠬᠦᠶ ᠭᠤᠶᠤᠴᠢᠯᠠᠨ ᠮᠡᠳᠡᠭᠦᠯᠦᠯᠲᠡ ᠶᠢᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ︽ᠠᠤᠬᠠᠨ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠬᠠᠮᠢᠶᠠᠷᠤᠯᠲᠠ ᠶᠢᠨ ᠲᠦᠷᠢᠮ︾᠂ ︽ᠠᠤᠬᠠᠨ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ︿ᠳᠥᠷᠪᠡᠨ | ᠡᠷᠦᠢ ᠬᠤᠷᠤᠢ ᠪᠠᠶᠢᠬᠤ ᠶᠢ ᠠᠷᠢᠯᠭᠠᠬᠤ﹀ ᠶᠢ ᠡᠷᠬᠢᠨ ᠦᠵᠡᠬᠦ ᠵᠢᠴᠢ ︿ ᠭᠤᠯᠳᠤᠷᠢᠯ ᠢ ᠴᠡᠪᠡᠷᠯᠡᠨ ᠠᠷᠢᠯᠭᠠᠬᠤ | ᠠᠵᠢᠯᠯᠠᠭ᠎ᠠ﹀ ᠶᠢ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ ᠯᠤᠤᠬ᠎ᠠ ᠶᠢᠨ ᠭᠤᠤᠯ ᠤᠨ ︿ | ᠭᠤᠯᠳᠤᠷᠢᠯ ᠢ ᠴᠡᠪᠡᠷᠯᠡᠨ ᠠᠷᠢᠯᠭᠠᠬᠤ ᠠᠵᠢᠯᠯᠠᠭ᠎ᠠ﹀ ᠶᠢ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ | ᠬᠤᠯᠪᠣᠭᠠᠯᠠᠨ ᠡᠵᠡᠩᠨᠡᠬᠦ ︵ᠬᠤᠪᠢ ᠣᠷᠣᠭᠤᠯᠬᠤ︶ ᠠᠷᠭ᠎ᠠ ᠮᠠᠶ᠋ᠢᠭ ᠢᠶᠠᠷ ᠬᠠᠮᠲᠤ ᠶᠢᠨ ᠬᠡᠷᠡᠭᠯᠡᠬᠦ ᠭᠠᠵᠠᠷ ᠢ ᠬᠢᠨᠠᠨ | ᠵᠥᠪᠰᠢᠶᠡᠷᠡᠬᠦ ᠲᠦᠷ ᠬᠡᠷᠡᠭᠵᠢᠭᠦᠯᠬᠦ ᠲᠣᠭᠲᠠᠭᠠᠯ︾ ᠢ ᠬᠢᠨᠠᠨ ᠵᠥᠪᠯᠡᠪᠡ᠃ 2025 ᠣᠨ ᠳᠤ 13 ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠷᠥᠯ ᠵᠦᠢᠯ᠂ 2012 —2022 ᠣᠨ ᠤ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ᠂ | ᠡᠬᠡ ᠮᠥᠩᠭᠦ ᠶᠢ ᠬᠤᠶᠢᠰᠢᠯᠠᠭᠤᠯᠤᠨ ᠲᠤᠰᠢᠶᠠᠭᠰᠠᠨ᠂ ᠠᠰᠢᠭ ᠣᠷᠣᠯᠭ᠎ᠠ ᠶᠢᠨ ᠮᠥᠩᠭᠦ ᠵᠢᠴᠢ ᠤᠳᠠᠭᠠᠰᠢᠷᠠᠭᠤᠯᠤᠭᠰᠠᠨ | ᠮᠥᠩᠭᠦ ᠶᠢ ᠬᠠᠰᠤᠵᠤ ᠬᠡᠯᠲᠦᠷᠢᠭᠦᠯᠦᠭᠰᠡᠨ᠂ 2025 ᠣᠨ ᠳᠤ ᠲᠥᠪ ᠠᠴᠠ ᠬᠥᠳᠡᠭᠡ ᠲᠣᠰᠬᠤᠨ ᠤ ᠰᠢᠨ᠎ᠡ | ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠥᠷᠥᠯ ᠵᠦᠢᠯ ᠢ ᠬᠤᠪᠢᠷᠠᠭᠤᠯᠬᠤ᠂ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ᠂ ᠠᠵᠢᠯᠲᠠᠨ ᠢ | ᠲᠣᠮᠢᠯᠠᠵᠤ ᠪᠠᠭᠤᠯᠭᠠᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ ᠰᠤᠷᠪᠤᠯᠵᠢᠯᠠᠭᠴᠢ ᠲᠠᠨ ᠬᠤᠸᠠ |