ᠣᠷᠤᠢ ᠶᠢᠨ ᠰᠦᠮ᠎ᠡ ᠰᠤᠮᠤ᠄  ᠤᠰᠤ ᠰᠢᠷᠤᠢ ᠶᠢ  ᠰᠠᠬᠢᠵᠤ  ᠭᠤᠣᠯ ᠮᠦᠷᠡᠨ ᠤ ᠲᠣᠩᠭᠠᠯᠠᠭ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/17
       ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠵᠤ᠂ ᠮᠠᠯᠴᠢᠨ ᠲᠠᠷᠢᠶᠠᠴᠢᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠷᠤᠢ ᠶᠢᠨ ᠰᠦᠮ᠎ᠡ ᠰᠤᠮᠤ ︽ᠯᠤᠤᠬ᠎ᠠ ᠶᠢᠨ ᠭᠤᠣᠯ᠂ ᠨᠠᠷᠢᠳ ᠤᠨ ᠭᠤᠣᠯ᠂ ᠮᠦᠩᠭᠡ ᠭᠤᠣᠯ᠂  ᠪᠡᠷᠬᠡ ᠶᠢᠨ ᠭᠤᠣᠯ ᠵᠡᠷᠭᠡ 4 ᠭᠤᠣᠯ ᠮᠥᠷᠡᠨ ᠤ ᠭᠤᠣᠯ ᠤᠨ ᠭᠤᠯᠳᠤᠷᠢᠯ ᠤᠨ ᠣᠷᠣᠨ ᠳᠤ ᠲᠠᠷᠢᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠲᠤᠬᠠᠢ ᠠᠯᠪᠠᠨ ᠵᠠᠷ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠯᠤᠤᠬ᠎ᠠ ᠶᠢᠨ ᠭᠤᠣᠯ ᠤᠨ ᠭᠤᠣᠯ ᠤᠨ ᠭᠤᠯᠳᠤᠷᠢᠯ ᠤᠨ ᠠᠯᠢᠪᠠ ᠲᠠᠷᠢᠮᠠᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠠᠷᠢᠶ᠎ᠠ ᠣᠷᠣᠨ ᠤ ᠭᠤᠣᠯ ᠤᠨ ᠵᠠᠮ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯ ᠤᠨ ᠵᠠᠮ ᠤᠨ ᠠᠮᠤᠷ ᠲᠦᠪᠰᠢᠨ ᠲᠣᠭᠲᠠᠭᠤᠨ ᠢ  ᠬᠠᠮᠠᠭᠠᠯᠠᠨ᠎ᠠ᠃    ᠬᠠᠷᠢᠭᠤᠴᠠᠯᠭ᠎ᠠ ᠶᠢ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠎ᠠ᠃ ᠣᠷᠤᠢ ᠶᠢᠨ ᠰᠦᠮ᠎ᠡ ᠰᠣᠮᠣ ᠣᠯᠠᠨ ᠣᠳᠠᠭ᠎ᠠ ᠳᠣᠰᠬᠠᠢ ᠰᠡᠳᠦᠪᠳᠣ ᠬᠤᠷᠠᠯ ᠬᠤᠷᠠᠯᠳᠣᠵᠣ᠂ ᠭᠤᠣᠯ ᠤᠨ ᠭᠤᠯᠳᠣᠷᠢᠯ ᠤᠨ ︽ᠳᠦᠷᠪᠡᠨ ᠡᠷᠦᠢ ᠬᠤᠷᠤᠢ ᠪᠠᠶᠢᠬᠤ︾ ᠶᠢ ᠴᠡᠪᠡᠷᠯᠡᠬᠦ᠂ ᠭᠤᠣᠯ ᠤᠨ ᠭᠤᠯᠳᠤᠷᠢᠯ ᠳᠤ ᠲᠠᠷᠢᠬᠤ ᠶᠢ ᠴᠠᠭᠠᠵᠠᠯᠠᠬᠤ ᠵᠡᠷᠬᠡ ᠠᠵᠢᠯ ᠢ ᠰᠣᠳᠣᠯᠣᠨ ᠪᠠᠶᠢᠷᠢᠯᠠᠭᠤᠯᠵᠣ᠂ ᠡᠯ᠎ᠡ ᠱᠠᠳᠣᠨ ᠤ ᠭᠤᠣᠯ ᠤᠨ ᠳᠠᠷᠤᠭ᠎ᠠ ︽ᠬᠠᠮᠢᠶᠠᠷᠬᠤ᠂ ᠵᠠᠰᠠᠬᠤ᠂ ᠪᠠᠳᠣᠯᠠᠬᠤ︾ ᠭᠤᠷᠪᠠ ᠶᠢ ᠨᠢᠬᠡ ᠴᠤᠭᠴᠠᠵᠢᠭᠤᠯᠣᠭᠰᠠᠨ ᠡᠬᠦᠷᠬᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠬᠦ ᠶᠢ ᠱᠠᠭᠠᠷᠳᠠᠵᠣ᠂ ᠬᠠᠷᠢᠭᠤᠴᠠᠵᠣ ᠪᠠᠶᠢᠭ᠎ᠠ ᠭᠤᠣᠯ ᠤᠨ ᠵᠠᠮ ᠤᠨ ᠪᠠᠶᠢᠳᠠᠯ ᠲᠣᠳᠣᠷᠬᠠᠢ᠂ ᠬᠠᠷᠢᠭᠤᠴᠠᠯᠭ᠎ᠠ ᠳᠣᠳᠣᠷᠬᠠᠢ᠂ ᠠᠷᠭ᠎ᠠ ᠬᠡᠮᠵᠢᠶ᠎ᠡ ᠪᠣᠳᠠᠳᠠᠢ᠂ ᠬᠢᠨᠠᠨ ᠪᠠᠶᠢᠴᠠᠭᠠᠯᠳᠠ ᠶᠢ ᠴᠢᠩᠭ᠎ᠠ ᠬᠢᠵᠣ᠂ ᠭᠤᠣᠯ ᠤᠨ ᠳᠠᠷᠤᠭ᠎ᠠ ᠶᠢᠨ ᠳᠦᠷᠢᠮ ᠢ ᠪᠣᠳᠠᠳᠠᠶᠢᠵᠢᠭᠤᠯᠵᠣ᠂ ᠬᠠᠷᠢᠭᠤᠴᠠᠯᠭ᠎ᠠ ᠶᠢᠨ ᠬᠡᠯᠬᠢᠶ᠎ᠠ ᠶᠢ ᠴᠢᠩᠭᠠᠳᠬᠠᠵᠣ᠂ ᠯᠣᠤᠬ᠎ᠠ ᠶᠢᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠪᠣᠳᠠᠳᠣ ᠦᠷ᠎ᠡ ᠪᠦᠳᠦᠮᠵᠢ ᠣᠯᠬᠤ ᠶᠢ ᠠᠬᠢᠭᠤᠯᠬᠤ ᠬᠡᠷᠡᠭᠳᠡᠢ ᠬᠡᠵᠣ ᠱᠠᠭᠠᠷᠳᠠᠵᠠᠢ᠃    ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠡᠷᠦᠩᠬᠡᠶᠢᠯᠡᠨ ᠵᠠᠰᠠᠬᠤ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃ ᠪᠥᠬᠦ ᠰᠤᠮᠤᠨ ᠤ ᠬᠡᠪᠴᠢᠶᠡᠨ ᠳᠤ ᠭᠤᠤᠯ ᠤᠨ ᠵᠠᠮ ᠢ ᠴᠡᠪᠡᠷᠯᠡᠨ ᠴᠡᠭᠴᠡᠯᠡᠬᠦ ᠠᠵᠢᠯ ᠢ ᠥᠷᠨᠢᠭᠦᠯᠵᠦ᠂ ᠭᠤᠤᠯ ᠤᠨ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠲᠠᠷᠢᠮᠠᠯ ᠢ ᠴᠡᠪᠡᠷᠯᠡᠬᠦ ᠡᠷᠴᠢᠮ ᠢᠶᠠᠨ ᠴᠢᠩᠭᠠᠷᠠᠭᠤᠯᠤᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠬᠠᠷᠢᠭᠤᠴᠠᠯᠭᠠᠲᠤ ᠨᠢᠭᠡᠴᠡ ᠶᠢ ᠬᠠᠤᠯᠢ ᠪᠤᠰᠤ ᠪᠠᠷ ᠭᠤᠤᠯ ᠤᠨ ᠵᠠᠮ ᠳᠤ ᠲᠠᠷᠢᠮᠠᠯ ᠳᠠᠷᠢᠬᠤ ᠶᠢ ᠣᠯᠵᠤ ᠮᠡᠳᠡᠪᠡᠯ ᠳᠠᠷᠤᠶ ᠰᠢᠢᠳᠪᠦᠷᠢᠯᠡᠵᠦ᠂ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ᠃ ᠭᠤᠣᠯ ᠤᠨ ᠵᠠᠮ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠣᠯ ᠤᠨ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠴᠢᠬᠤᠯᠠ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠭᠤᠣᠯ ᠮᠥᠷᠡᠨ ᠢ ᠲᠣᠭᠤᠷᠢᠨ ᠴᠠᠭᠳᠠᠬᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠤᠭᠠᠴᠠᠭᠰᠠᠳ ᠤᠨ ᠠᠮᠤᠷ ᠲᠦᠪᠰᠢᠨ ᠵᠢᠭᠤᠯᠴᠢᠯᠠᠯ ᠤᠨ ᠣᠷᠴᠢᠨ ᠲᠣᠭᠤᠷᠢᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠤᠬᠠᠭᠤᠯᠤᠨ ᠲᠠᠶᠢᠴᠢᠯᠠᠵᠦ᠂ ᠠᠮᠢ ᠠᠬᠤᠢ ᠶᠢ ᠬᠠᠮᠳᠤᠪᠡᠷ ᠵᠠᠰᠠᠬᠤ ᠠᠭᠤᠷ ᠠᠮᠢᠰᠬᠤᠯ ᠢ ᠪᠤᠢ ᠪᠤᠯᠭᠠᠨ᠎ᠠ᠃ ᠡᠯ᠎ᠡ ᠭᠠᠴᠠᠭᠠᠨ ᠤ ᠬᠤᠶᠠᠷ ᠵᠥᠪᠯᠡᠯ ᠤᠨ ᠺᠠᠳ᠋ᠷ᠂ ᠭᠠᠴᠠᠭ᠎ᠠ ᠶᠢ ᠳᠠᠭᠠᠭᠠᠴᠢᠯᠠᠭᠰᠠᠨ ᠬᠠᠷᠢᠭᠤᠴᠠᠯᠭᠠᠲᠠᠨ᠂ ᠭᠠᠴᠠᠭ᠎ᠠ ᠶᠢ ᠳᠠᠭᠠᠭᠠᠴᠢᠯᠠᠭᠰᠠᠨ ᠠᠵᠢᠯᠯᠠᠬᠤ ᠠᠩᠭᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ᠂ ᠡᠷᠦᠬᠡ ᠳᠤ ᠬᠦᠷᠴᠦ ᠲᠠᠶᠢᠯᠪᠤᠷᠢᠯᠠᠬᠤ᠂ ᠲᠤᠬᠠᠶ ᠶᠢᠨ ᠲᠠᠯᠠᠪᠤᠷ ᠲᠤ ᠢᠳᠬᠠᠨ ᠰᠤᠷᠭᠠᠬᠤ᠂ ᠰᠦᠯᠵᠢᠶᠡᠨ ᠳᠡᠭᠡᠷ᠎ᠡ ᠮᠡᠳᠡᠭᠳᠡᠯ ᠨᠡᠶᠢᠲᠡᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠤᠤᠯ ᠤᠨ ᠵᠠᠮ ᠢ ᠡᠵᠡᠯᠡᠨ ᠳᠠᠷᠢᠬᠤ ᠬᠤᠤᠷ ᠬᠥᠨᠥᠭᠡᠯ ᠤᠨ ᠲᠤᠬᠠᠶ ᠲᠠᠶᠢᠯᠤᠮᠵᠢ ᠬᠢᠵᠦ᠂ ᠮᠠᠯᠴᠢᠨ ᠲᠠᠷᠢᠶᠠᠴᠢᠨ ᠳᠤ ᠭᠤᠤᠯ ᠤᠨ ᠵᠠᠮ ᠳᠣᠲᠣᠷ᠎ᠠ ᠳᠠᠷᠢᠬᠤ ᠪᠣᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠬᠤ ᠶᠢ ᠣᠶᠢᠯᠠᠭᠠᠭᠤᠯᠬᠤ ᠬᠡᠷᠡᠭᠲᠡᠢ᠃ ᠡᠭᠦᠨ ᠤ ᠬᠠᠮᠲᠤ᠂ ᠬᠠᠮᠢᠶᠠᠷᠤᠨ ᠡᠵᠡᠮᠳᠡᠬᠦ ᠪᠣᠳᠠᠲᠠᠶ ᠲᠥᠷᠥ ᠶᠢᠨ ᠪᠣᠳᠣᠯᠭ᠎ᠠ ᠲᠣᠭᠲᠠᠭᠠᠯ ᠢ ᠢᠳᠡᠪᠬᠢᠲᠡᠶ ᠤᠬᠠᠭᠤᠯᠵᠤ᠂ ᠭᠤᠤᠯ ᠤᠨ ᠵᠠᠮ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠬᠠᠷᠢᠶᠠᠲᠤ ᠣᠷᠣᠨ ᠤ ᠣᠯᠠᠨ ᠲᠦᠮᠡᠨ ᠤ ᠭᠤᠤᠯ ᠮᠥᠷᠡᠨ ᠢ ᠬᠠᠶᠢᠷᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠶ ᠶᠢ ᠬᠠᠮᠲᠤ ᠪᠠᠷ ᠵᠠᠰᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃    ᠣᠷᠤᠢ ᠶᠢᠨ ᠰᠦᠮ᠎ᠡ ᠰᠣᠮᠣ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠷᠭ᠎ᠠ ᠠᠪᠴᠠᠯ᠂ ᠨᠡᠩ ᠦᠨᠳᠦᠷ ᠪᠦᠲᠦᠮᠵᠢᠲᠡᠢ ᠠᠵᠢᠯᠯᠠᠭ᠎ᠠ ᠪᠠᠷ ᠭᠤᠣᠯ ᠤᠨ ᠠᠮᠢ ᠠᠬᠤᠢ ᠶᠢᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠶᠢ ᠵᠦᠷᠢᠴᠡᠵᠦ ᠳᠤᠷ᠎ᠠ ᠪᠠᠷ ᠲᠠᠷᠢᠭᠰᠠᠨ ᠠᠵᠢᠯᠯᠠᠭ᠎ᠠ ᠳᠤ ︽ᠦᠭᠡᠢ︾  ᠭᠡᠵᠦ᠂ ᠭᠤᠣᠯ ᠤᠨ ᠳᠠᠷᠤᠭ᠎ᠠ ᠶᠢᠨ ᠳᠦᠷᠢᠮ ᠤᠨ ︽  ᠨᠡᠷ᠎ᠡ ᠲᠠᠢ ᠬᠠᠷᠢᠭᠤᠴᠠᠯᠭ᠎ᠠ ᠲᠠᠢ︾ ᠪᠠᠶᠢᠭᠰᠠᠨ ᠠᠴᠠ ︽ᠠᠵᠢᠯᠯᠠᠭ᠎ᠠ ᠲᠠᠢ ᠪᠦᠲᠦᠮᠵᠢᠲᠡᠢ ᠪᠠᠶᠢᠬᠤ︾ ᠪᠣᠯᠭᠠᠨ ᠬᠤᠪᠢᠷᠠᠭᠤᠯᠬᠤ ᠶᠢ ᠪᠦᠲᠦᠮᠵᠢᠲᠡᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号