ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2025 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/18
       2 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2025 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠪᠥᠬᠦ ᠪᠠᠶᠢᠭᠤᠯᠭ᠎ᠠ ᠶᠢᠨ ᠺᠠᠳ᠋ᠷ ᠬᠤᠷᠠᠯ ᠳᠤ ᠣᠷᠣᠯᠴᠠᠵᠠᠶ᠃    ᠬᠤᠷᠠᠯ ᠠᠴᠠ ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ 2024 ᠣᠨ ᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠤᠯ ᠠᠵᠢᠯ ᠢ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠨ ᠡᠷᠭᠢᠴᠡᠭᠦᠯᠦᠭᠰᠡᠨ ᠪᠥᠭᠡᠳ 2025 ᠣᠨ ᠤ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠠᠵᠢᠯ ᠤᠨ ᠭᠤᠣᠯᠳᠠᠯᠭ᠎ᠠ ᠶᠢ ᠠᠳᠬᠤᠵᠤ᠂ ᠥᠨᠳᠥᠷ ᠭᠠᠷᠤᠭ᠎ᠠ ᠠᠴᠠ ᠲᠦᠷᠦᠯ ᠵᠦᠢᠯ ᠢ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠲᠦᠷᠦᠯ ᠵᠦᠢᠯ ᠢ ᠲᠥᠯᠥᠪᠵᠢᠭᠦᠯᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢᠶᠠᠷ ᠭᠤᠣᠯᠳᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ ︾ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠡᠯ᠎ᠡ ᠵᠦᠢᠯ ᠤᠨ ᠠᠵᠢᠯ ᠤᠨ ᠬᠦᠴᠦᠯᠡᠬᠦ ᠴᠡᠭ ᠪᠣᠯᠤᠨ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠪᠦᠬᠦ ᠵᠢᠯ ᠤᠨ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ︔ ᠬᠤᠶᠠᠷ ᠲᠤ ᠂ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠬᠤ ᠶᠢ ᠴᠢᠩᠭᠠᠳᠬᠠᠨ᠎ᠠ᠃ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠯᠭᠠᠨ ᠬᠢᠨᠠᠬᠤ ᠲᠦᠷᠢᠮ ᠢ ᠲᠡᠭᠦᠯᠳᠡᠷᠵᠢᠭᠦᠯᠦᠨ᠂ ᠰᠢᠯᠭᠠᠨ ᠬᠢᠨᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ 2025 ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠵᠢᠯ ᠢ ᠨᠠᠩ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃ ᠬᠠᠷᠢᠭᠤᠴᠠᠯᠭ᠎ᠠ ᠶᠢᠨ ᠬᠤᠪᠢᠶᠠᠷᠢᠯᠠᠯ᠂ ᠴᠢᠳᠠᠪᠤᠷᠢ ᠶᠢᠨ ᠳᠡᠭᠡᠭᠰᠢᠯᠡᠯᠲᠡ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠱᠠᠩᠨᠠᠵᠤ ᠲᠣᠷᠭᠠᠬᠤ ᠲᠣᠭᠲᠠᠴᠠ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ ᠭᠡᠵᠦ ᠵᠢᠭᠠᠨ ᠭᠠᠷᠭᠠᠪᠠ᠃    ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠦᠬᠦ ᠺᠠᠳ᠋ᠷᠴᠤᠳ ︽ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠵᠣᠷᠢᠭᠲᠠᠶ ᠪᠠᠷ ᠲᠦᠷᠦᠭᠦᠯᠡᠬᠦ︾ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠠᠭ ᠪᠢᠳᠡᠨ ᠢ ᠬᠦᠯᠢᠶᠡᠬᠦ ᠥᠬᠡᠶ ᠪᠠᠶᠢᠳᠠᠯ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠪᠥᠬᠦ ᠵᠢᠯ ᠤᠨ ᠠᠵᠢᠯ ᠳᠤ ᠣᠷᠣᠯᠴᠠᠵᠤ᠂ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠨ᠂ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠰᠢᠨ᠎ᠡ ᠨᠢᠭᠡ ᠵᠢᠯ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号