ᠮᠠᠨ ᠤ ᠬᠤᠰᠢᠭᠤ ᠠᠤᠬᠠᠨ ᠤ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ 2025 ᠣᠨ ᠤ ᠤᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/2/18
    C:\Users\Administrator\Desktop\1.jpg   
    2 ᠰᠠᠷ᠎ᠠ ᠶᠢᠨ 14 ᠤ ᠡᠳᠦᠷ᠂ ᠠᠤᠬᠠᠨ ᠤ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢᠨ 2025 ᠣᠨ ᠤ ᠤᠶᠤᠲᠠᠳ ᠤᠨ ︽ᠨᠤᠲᠤᠭ ᠲᠠᠭᠠᠨ ᠪᠤᠴᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠵᠤ᠂ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ 100 ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠠᠵᠢᠯᠯᠠᠭ᠎ᠠ ᠳᠤ ᠣᠷᠣᠯᠴᠠᠵᠠᠶ᠃    ᠬᠥᠬᠢᠭᠦᠯᠦᠨ ᠰᠠᠶᠢᠰᠢᠶᠠᠬᠤ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃    ᠬᠤᠷᠠᠯ ᠳᠡᠭᠡᠷ᠎ᠡ᠂ ᠡᠯ᠎ᠡ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤᠮᠳᠠ  ᠢᠯᠡᠷᠡᠯ ᠲᠤᠪᠤᠶᠢᠮ᠎ᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠬᠥᠬᠢᠭᠦᠯᠦᠨ ᠰᠠᠶᠢᠰᠢᠶᠠᠵᠤ᠂ ᠲᠡᠳᠡᠨ ᠳᠤ ︽ᠯᠸᠢ ᠹᠧᠩ ᠠᠴᠠ ᠰᠤᠷᠤᠯᠴᠠᠬᠤ ᠬᠠᠮᠤᠭ ᠤᠨ ᠭᠤᠶᠣ ᠰᠠᠶᠢᠨ  ᠳᠤᠷᠠᠴᠤᠳ︾᠂ ︽ᠬᠠᠶᠢᠷ᠎ᠠ ᠬᠠᠯᠠᠮᠵᠢ ᠪᠠᠷ ᠰᠤᠷᠭᠠᠨ ᠬᠥᠮᠦᠵᠢᠯ ᠢ ᠳᠡᠮᠵᠢᠬᠦ ᠰᠢᠯᠢᠳᠡᠭ ᠰᠠᠶᠢᠨ ᠳᠤᠷᠠᠴᠤᠳ︾ ᠪᠠ ︽ᠡᠪᠦᠯ ᠢ ᠳᠤᠯᠠᠭᠠᠯᠠᠬᠤ ᠠᠵᠢᠯᠯᠠᠭ᠎ᠠ ᠶᠢᠨ ᠰᠢᠯᠢᠳᠡᠭ ᠰᠠᠶᠢᠨ ᠳᠤᠷᠠᠴᠤᠳ︾ ᠵᠡᠷᠭᠡ ᠢᠷᠠᠭᠤ ᠠᠯᠳᠠᠷ ᠤᠨ ᠴᠣᠯᠠ ᠣᠯᠭᠤᠪᠠ᠃    ᠡᠪᠯᠡᠯ ᠤᠨ ᠬᠤᠰᠢᠭᠤᠨ ᠤ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠂ ᠠᠤᠬᠠᠨ ᠤ ᠵᠠᠯᠠᠭᠤ ᠰᠠᠶᠢᠨ ᠳᠤᠷᠠᠴᠤᠳ ᠳᠡᠭᠡᠳᠦ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠳᠠᠷᠪᠠᠭᠤᠯ ᠬᠡᠶᠢᠰᠪᠦᠷᠢᠯᠡᠬᠦ ᠲᠥᠯᠥᠪᠯᠡᠭᠡ ᠶᠢᠨ ᠳᠠᠳᠤᠯᠭ᠎ᠠ ᠶᠢᠨ ᠠᠵᠢᠯᠯᠠᠭ᠎ᠠ ᠵᠢᠴᠢ ᠰᠤᠷᠭᠠᠨ ᠬᠥᠮᠦᠵᠢᠯ ᠢ ᠳᠡᠮᠵᠢᠬᠦ᠂ ᠴᠠᠭᠠᠨ ᠰᠠᠷ᠎ᠠ ᠶᠢᠨ ᠵᠥᠭᠡᠭᠡᠪᠦᠷᠢ᠂ ᠯᠸᠢ ᠹᠧᠩ ᠠᠴᠠ ᠰᠤᠷᠤᠯᠴᠠᠬᠤ ᠵᠡᠷᠭᠡ ᠠᠯᠢ ᠣᠯᠠᠨ ᠰᠠᠶᠢᠨ ᠳᠤᠷ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠯᠠᠭᠤ ᠰᠤᠷᠤᠭᠴᠢᠳ ᠲᠤ ᠡᠷᠬᠢᠮ ᠨᠠᠨᠳᠢᠨ ᠦᠢᠯᠡᠳᠦᠯᠭᠡ ᠶᠢᠨ ᠠᠵᠠ ᠲᠣᠬᠢᠶᠠᠯ ᠬᠠᠩᠭᠠᠭᠰᠠᠨ ᠢᠶᠠᠷ ᠪᠠᠷᠠᠬᠤ ᠥᠬᠡᠶ ᠪᠠᠰᠠ ᠨᠡᠶᠢᠭᠡᠮ ᠤᠨ ᠡᠶ᠎ᠡ ᠵᠣᠬᠢᠴᠠᠯ ᠪᠠ ᠳᠠᠪᠰᠢᠯᠲᠠ ᠶᠢ ᠠᠬᠢᠭᠤᠯᠤᠭᠰᠠᠨ ᠪᠠᠶᠢᠨ᠎ᠠ  ᠭᠡᠵᠦ ᠢᠯᠡᠷᠬᠡᠶᠢᠯᠡᠪᠡ᠃ ᠲᠡᠷᠡ ᠵᠠᠯᠠᠭᠤ ᠰᠠᠶᠢᠨ  ᠳᠤᠷᠠᠴᠤᠳ ᠢ ᠤᠭ ᠰᠠᠨᠠᠭ᠎ᠠ ᠪᠠᠨ ᠪᠠᠲᠤ ᠰᠠᠬᠢᠵᠤ᠂ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠵᠦ᠂ ᠦᠷᠭᠦᠯᠵᠢᠯᠡᠨ ᠰᠤᠷᠤᠯᠴᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠤᠨ ᠬᠡᠷᠡᠭᠴᠡᠭᠡ ᠶᠢ ᠠᠩᠬᠠᠷᠴᠤ᠂ ᠲᠣᠰ ᠪᠡᠶ᠎ᠡ ᠶᠢᠨ ᠦᠢᠯᠡᠴᠢᠯᠡᠭᠡᠨ ᠤ ᠤᠷ᠎ᠠ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠪᠣᠳᠠᠲᠠᠶ ᠬᠢᠵᠦ᠂ ᠨᠠᠩ ᠣᠯᠠᠨ ᠬᠥᠮᠦᠰ ᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠬᠤ ᠲᠣᠮᠣ ᠬᠡᠷ ᠪᠦᠯᠢ ᠶᠢ ᠳᠠᠶᠢᠴᠢᠯᠠᠬᠤ ᠬᠡᠷᠡᠭᠲᠡᠶ ᠭᠡᠵᠦ ᠬᠦᠰᠡᠪᠡ᠃ ᠰᠤᠷᠪᠤᠯᠵᠢᠯᠠᠭᠴᠢ ᠲᠠᠨ ᠬᠤᠸᠠ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号