| ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ | ᠵᠢᠷᠤᠮᠵᠢᠭᠤᠯᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠬᠠᠤᠯᠢ ᠲᠣᠭᠲᠠᠭᠠᠯ ᠳᠤ ᠨᠡᠶᠢᠴᠡᠬᠦ | ᠡᠵᠡᠩᠨᠡᠯᠲᠡ ᠶᠢ ᠦᠨᠡᠨ ᠬᠦ ᠪᠠᠲᠤᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ᠂ 2025 ᠣᠨ ᠤ 2 ᠰᠠᠷ᠎ᠠ ᠶᠢᠨ 14 ᠤ ᠡᠳᠦᠷ᠂ ᠠᠤᠬᠠᠨ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠥᠳᠡᠯᠮᠦᠷᠢ | ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠪᠠᠶᠢᠳᠠᠯ ᠢ ᠮᠡᠳᠡᠭᠦᠯᠵᠦ ᠬᠠᠷᠭᠤᠭᠤᠯᠤᠨ ᠪᠠᠶᠢᠴᠠᠭᠠᠬᠤ | ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ᠃ | ᠬᠤᠷᠠᠯ ᠳᠡᠭᠡᠷ᠎ᠡ᠂ ᠬᠤᠯᠪᠣᠭᠳᠠᠯ ᠪᠥᠬᠦᠶ ᠲᠠᠰᠤᠭ ᠤᠨ ᠬᠠᠷᠢᠭᠤᠴᠠᠯᠭᠠᠲᠠᠨ ᠬᠥᠳᠡᠯᠮᠦᠷᠢ ᠦᠢᠯᠡᠴᠢᠯᠡᠭᠡ | ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠶᠠᠪᠤᠴᠠ ᠳᠤ ᠡᠷᠬᠡᠪᠰᠢ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠭᠡᠷ᠎ᠡ ᠶᠢᠨ ᠬᠠᠤᠯᠢ ᠶᠣᠰᠣᠴᠢ | ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ | ᠬᠠᠮᠲᠤ᠂ ᠡᠯ᠎ᠡ ᠨᠢᠭᠡᠴᠡ ᠶᠢ ᠣᠨ ᠤ ᠡᠵᠡᠩᠨᠡᠯᠲᠡ ᠶᠢᠨ ᠪᠠᠶᠢᠳᠠᠯ ᠤᠨ ᠮᠡᠳᠡᠭᠦᠯᠦᠯᠲᠡ ᠪᠠᠨ ᠴᠠᠭ ᠲᠤᠬᠠᠶ ᠳᠤᠨᠢ | ᠲᠤᠰᠢᠶᠠᠬᠤ ᠶᠢᠨ ᠬᠠᠮᠲᠤ ᠬᠢᠨᠠᠨ ᠰᠢᠯᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠪᠠᠰᠠ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠶᠠᠪᠤᠴᠠ ᠳᠤ | ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠭᠰᠠᠨ ᠪᠥᠭᠡᠳ ᠵᠣᠬᠢᠴᠠᠩᠭᠤᠶ ᠰᠢᠢᠳᠪᠦᠷᠢᠯᠡᠬᠦ | ᠲᠥᠰᠦᠯ ᠳᠤᠷᠠᠳᠴᠠᠶ᠃ ᠡᠯ᠎ᠡ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠲᠥᠯᠥᠭᠡᠯᠡᠭᠴᠢ᠂ ᠬᠤᠷᠠᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠥᠳᠡᠯᠮᠦᠷᠢ | ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ ᠭᠡᠵᠦ | ᠢᠯᠡᠳᠬᠡᠪᠡ᠃ | ᠲᠣᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠠᠤᠬᠠᠨ ᠬᠤᠰᠢᠭᠤᠨ ᠤ ᠬᠥᠳᠡᠯᠮᠦᠷᠢ ᠦᠢᠯᠡᠴᠢᠯᠡᠭᠡ | ᠲᠣᠮᠢᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠪᠠᠲᠤ ᠪᠠᠬᠢ ᠨᠢᠭᠡ ᠠᠯᠬᠤᠮ ᠢ | ᠠᠯᠬᠤᠭᠰᠠᠨ ᠢ ᠬᠠᠷᠠᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ᠂ ᠬᠥᠳᠡᠯᠮᠦᠷᠢ ᠦᠢᠯᠡᠴᠢᠯᠡᠭᠡ | ᠲᠣᠮᠢᠯᠠᠬᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ᠃ |