ᠵᠠᠩ ᠴᠢ ᠬᠠᠩ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠯ ᠰᠡᠷᠭᠡᠶᠢᠯᠡᠬᠦ ᠠᠵᠢᠯ ᠤᠨ ᠠᠯᠪᠠᠨ ᠬᠡᠷ᠂ ᠰᠧ ᠵᠢᠶᠠ ᠽᠢ ᠪᠠᠯᠭᠠᠰᠤ᠂ ᠶᠢᠨ ᠴᠠᠩ ᠭᠸᠦ ᠯᠢᠶᠠᠩ ᠪᠠᠯᠭᠠᠰᠤ᠂ ᠰᠢᠨ ᠾᠦᠢ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃
C:\Users\Administrator\Desktop\1.jpg
    ᠵᠠᠩ ᠴᠢ ᠬᠠᠩ ᠨᠠᠷ ᠤᠷᠢᠳ ᠬᠤᠵᠢᠳ ᠰᠧ ᠵᠢᠶᠠ ᠽᠢ ᠬᠤᠩ ᠰᠢᠨ ᠥᠩᠭᠡᠲᠦ ᠲᠡᠮᠦᠷᠯᠢᠭ ᠤᠨ ᠬᠢᠵᠠᠭᠠᠷᠲᠤ ᠺᠣᠮᠫᠠᠨᠢ᠂ ᠳ᠋ᠧ ᠯᠢ ᠶᠤᠸᠠᠨ ᠬᠤᠸᠠᠷ ᠫᠤᠤᠵᠢᠩ ᠤᠨ ᠪᠣᠷᠣᠯᠠᠭᠤᠯᠭ᠎ᠠ ᠶᠢᠨ ᠳᠡᠯᠭᠡᠭᠦᠷ᠂ ᠯᠤᠤ ᠳ᠋ᠤᠤ ᠯᠢᠶᠠᠩ ᠤᠨ ᠭᠠᠯ ᠰᠡᠷᠭᠡᠶᠢᠯᠡᠬᠦ ᠴᠡᠭ᠂ ᠯᠢᠶᠠᠨ ᠵᠠᠩ ᠱᠠᠨ ᠠᠭᠤᠯᠠᠨ ᠤ ᠭᠠᠯ ᠰᠡᠷᠭᠡᠶᠢᠯᠡᠬᠦ ᠴᠡᠭ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ ᠰᠠᠬᠢᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠪᠠᠶᠢᠴᠠᠭᠠᠬᠤ ᠶᠢᠨ ᠬᠠᠮᠲᠤ ᠪᠠᠶᠠᠷ ᠤᠨ ᠡᠳᠦᠷ ᠤᠨ ᠳᠠᠷᠠᠭᠠᠬᠢ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃
C:\Users\Administrator\Desktop\2.jpg
    ᠵᠠᠩ ᠴᠢ ᠬᠠᠩ ᠠᠴᠠ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠳᠠᠯᠳᠠ ᠭᠡᠮ ᠪᠣᠯ ᠳᠠᠷᠤᠢ ᠠᠳᠡᠯ ᠮᠥᠨ ᠭᠡᠬᠦ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠨᠠᠭᠠᠴᠢᠯᠠᠭᠠᠲᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠣᠭᠤᠮᠲᠠ ᠶᠢ ᠴᠢᠩᠭ᠎ᠠ ᠠᠳᠬᠤᠵᠤ᠂  ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨᠡᠬᠢ ᠪᠦᠬᠦᠨ ᠢ ᠬᠠᠮᠤᠷᠤᠭᠰᠠᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠬᠠᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠦᠷᠨᠢᠭᠦᠯᠵᠦ ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ︽ᠨᠢᠭᠡᠳᠦᠭᠡᠷ ᠪᠣᠭᠤᠮᠲᠠ︾ ᠶᠢ ᠰᠠᠶᠢᠲᠤᠷ ᠡᠵᠡᠮᠳᠡᠵᠦ᠂ ᠡᠮᠬᠢ ᠵᠢᠷᠤᠮ ᠦᠭᠡᠢ ᠪᠠᠷ ᠦᠢᠯᠡᠳᠪᠦᠷᠢᠯᠡᠯ ᠢᠶᠠᠨ ᠰᠡᠷᠭᠦᠭᠡᠬᠦ᠂ ᠭᠡᠮ ᠲᠠᠢ ᠪᠠᠷ  ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠪᠠᠶᠢᠴᠠᠭᠠᠨ ᠰᠡᠯᠪᠢᠨ ᠵᠠᠰᠠᠬᠤ ᠠᠵᠢᠯ᠂ ᠬᠥᠳᠡᠯᠦᠩᠭᠦᠢ ᠠᠵᠢᠯ ᠵᠡᠷᠭᠡ ᠣᠨᠴᠠᠭᠠᠢ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠵᠢᠴᠢ ᠡᠯ᠎ᠡ ᠲᠦᠷᠦᠯ ᠤᠨ  ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠬᠤᠸᠠᠷ ᠫᠤᠤᠵᠢᠩ ᠡᠵᠡᠩᠨᠡᠬᠦ ᠠᠵᠤ ᠠᠬᠤᠶᠢᠯᠠᠯ ᠬᠠᠤᠯᠢ ᠲᠣᠭᠲᠠᠭᠠᠯ ᠶᠣᠰᠣᠭᠠᠷ ᠡᠵᠡᠩᠨᠡᠵᠦ᠂ ᠪᠣᠷᠣᠯᠠᠭᠤᠯᠭ᠎ᠠ ᠶᠢᠨ ᠬᠥᠭᠵᠢᠶᠡᠨᠲᠡᠢ ᠤᠯᠠᠷᠢᠯ  ᠥᠩᠭᠡᠷᠡᠭᠰᠡᠨ ᠤ ᠳᠠᠷᠠᠭᠠᠬᠢ ᠬᠤᠸᠠᠷ ᠫᠤᠤᠵᠢᠩ ᠢ ᠡᠭᠡᠭᠦᠯᠦᠨ ᠬᠤᠷᠢᠶᠠᠵᠤ ᠬᠥᠮᠥᠷᠭᠡ ᠳᠤ ᠣᠷᠣᠭᠤᠯᠬᠤ ᠵᠢᠴᠢ ᠬᠠᠳᠠᠭᠠᠯᠠᠬᠤ ᠠᠵᠢᠯ ᠢ ᠲᠣᠬᠢᠲᠠᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃
 C:\Users\Administrator\Desktop\3.jpg
   ᠵᠠᠩ ᠴᠢ ᠬᠠᠨ ᠠᠴᠠ ᠂  ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠴᠢᠩᠳᠠᠯᠠᠵᠤ᠂ ᠠᠭᠤᠯᠠᠨ ᠳᠤ ᠣᠷᠣᠬᠤ ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠭᠠᠯ ᠤᠨ ᠲᠥᠷᠥᠯ ᠭᠠᠯ ᠤᠨ ᠢᠷᠡᠯᠲᠡ ᠶᠢ ᠠᠭᠤᠯᠠᠨ ᠳᠤ ᠣᠷᠣᠵᠤ ᠣᠶ ᠰᠢᠭᠤᠶ ᠳᠤ ᠣᠷᠤᠬᠤ ᠶᠢ ᠴᠢᠩᠭ᠎ᠠ ᠰᠡᠷᠭᠡᠶᠢᠯᠡᠵᠦ᠂ ᠠᠭᠤᠯᠠ ᠶᠢ ᠪᠠᠲᠤ ᠰᠠᠬᠢᠵᠤ᠂ ᠬᠥᠮᠦᠨ ᠢ ᠰᠠᠶᠢᠲᠤᠷ ᠬᠠᠷᠠᠵᠤ᠂ ᠭᠠᠯ ᠢ ᠬᠠᠮᠢᠶᠠᠷᠬᠤ ᠬᠡᠷᠡᠭᠲᠡᠶ︔ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠬᠠᠮᠢᠶᠠᠷᠤᠨ ᠬᠠᠮᠠᠭᠠᠯᠠᠬᠤ ᠶᠢ ᠤᠶᠠᠯᠳᠤᠭᠤᠯᠬᠤ᠂ ᠲᠣᠭᠤᠷᠢᠨ ᠬᠠᠮᠠᠭᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠳ᠋ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ  ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ / ᠭᠤᠣ ᠸᠧᠨ ᠲᠤᠤ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号