| 2 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 84 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃ | | | | | ᠬᠤᠷᠠᠯ ᠠᠴᠠ 1 ᠰᠠᠷ᠎ᠠ ᠶᠢᠨ 20 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ | ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠱᠠᠲᠤᠨ ᠤ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ᠂ ᠰᠢᠭᠦᠬᠦ ᠪᠠᠶᠢᠴᠠᠭᠠᠬᠤ ︽ᠬᠤᠶᠠᠷ ᠬᠤᠷᠢᠶᠠᠨ︾ ᠤ ᠨᠠᠮ ᠤᠨ ᠤᠳᠤᠷᠢᠳᠬᠤ | ᠳᠤᠭᠤᠶᠢᠯᠠᠩ ᠵᠢᠴᠢ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ | ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠴᠢᠷᠮᠠᠶᠢᠨ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ︽ᠵᠢᠷᠭᠤᠭᠠᠨ ᠠᠵᠢᠯᠯᠠᠭ᠎ᠠ︾ ᠪᠣᠯᠤᠨ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ | ᠲᠣᠬᠢᠷᠠᠭᠤᠯᠤᠨ ᠰᠢᠯᠢᠳᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠠᠯ᠎ᠠ ᠪᠠᠷ ᠬᠥᠭᠵᠢᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠡᠭᠲᠡᠶ᠃ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠠᠷᠠᠳ ᠤᠯᠠᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠵᠦᠢᠯ ᠤᠨ ᠠᠵᠢᠯ ᠢ ᠵᠡᠷᠭᠡᠪᠡᠷ | ᠠᠬᠢᠭᠤᠯᠵᠤ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠭᠠᠮᠰᠢᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ᠃ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ | ᠠᠵᠢᠯ ᠢ ᠲᠤᠪᠤᠶᠢᠮ᠎ᠠ ᠰᠠᠶᠢᠲᠤᠷ ᠬᠢᠵᠦ᠂ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠢᠨᠠᠨ | ᠪᠤᠳᠤᠬᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶᠡᠨ ᠤ | ᠲᠣᠭᠤᠷᠢᠨ ᠳᠤ ᠬᠢᠨᠠᠨ ᠪᠤᠳᠤᠬᠤ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠢᠨᠠᠨ ᠪᠤᠳᠤᠬᠤ ᠪᠠᠲᠤᠯᠠᠭ᠎ᠠ ᠬᠠᠩᠭᠠᠬᠤ ᠬᠡᠷᠡᠭᠲᠡᠶ᠃ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ | ᠴᠢᠩᠭᠠᠳᠬᠠᠵᠤ᠂ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ | ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ ᠦᠢᠯᠡᠰ ᠪᠤᠰᠬᠠᠬᠤ | ᠤᠬᠠᠮᠰᠠᠷ ᠲᠠᠢ ᠪᠣᠯᠭᠠᠬᠤ ᠬᠡᠷᠡᠭᠲᠡᠢ᠃ ᠢᠯᠵᠠᠷᠡᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠢᠯᠵᠠᠷᠠᠯ ᠢ ᠡᠰᠡᠷᠭᠦᠴᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ | ᠳᠠᠭᠠᠭᠠᠮᠠᠭᠠᠶ ᠳᠠᠶᠢᠯᠠᠯᠳᠤᠭᠠᠨ᠂ ᠶᠡᠷᠦᠩᠬᠡᠶ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ︽ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳᠦᠷᠢᠮᠵᠢᠭᠦᠯᠦᠨ ᠬᠠᠤᠯᠢ ᠪᠠᠷ ᠵᠠᠰᠠᠬᠤ ᠵᠢᠩᠬᠢᠨᠢᠴᠢᠯᠡᠬᠦ | ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠴᠢᠷᠮᠠᠶᠢᠨ | ᠳᠠᠪᠲᠠᠨ ᠪᠣᠯᠪᠠᠰᠤᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃ | ᠬᠤᠷᠠᠯ ᠠᠴᠠ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠨ ᠵᠠᠰᠠᠬᠤ | ᠬᠠᠷᠢᠭᠤᠴᠠᠯᠭ᠎ᠠ ᠶᠢᠨ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠤᠭ᠎ᠠ | ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠡᠷᠡᠰ ᠰᠡᠷᠭᠡᠶᠢᠯᠡᠨ ᠵᠠᠯᠬᠠᠭᠠᠨ ᠰᠢᠳᠬᠡᠬᠦ ᠬᠡᠷᠡᠭᠲᠡᠢ᠃ ᠳᠡᠭᠡᠳᠦ | ᠱᠠᠲᠤᠨ ᠤ ᠲᠤᠭ᠎ᠠ ᠪᠦᠷᠢᠳᠬᠡᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠯᠠᠪᠯᠠᠯᠲᠠ ᠬᠠᠩᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠲᠦᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ | ᠣᠳᠣᠬᠢᠴᠢᠯᠠᠯᠲᠠ ᠪᠠ ᠮᠠᠯᠵᠢᠬᠤ ᠲᠠᠷᠢᠶᠠᠯᠠᠬᠤ ᠣᠷᠣᠨ ᠤ ᠪᠥᠬᠦ ᠲᠠᠯ᠎ᠠ ᠶᠢᠨ ᠳᠠᠪᠰᠢᠯᠲᠠ ᠶᠢ ᠠᠬᠢᠭᠤᠯᠵᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃ ᠠᠮᠤ ᠪᠤᠳᠠᠭᠠᠨ ᠤ ᠠᠮᠤᠷ | ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠠᠮᠤ ᠪᠤᠳᠠᠭᠠᠨ ᠤ ᠤᠨᠠᠯᠲᠠ | ᠪᠣᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠣᠭᠲᠠᠪᠤᠷᠢᠵᠢᠭᠤᠯᠬᠤ | ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠮᠠᠯᠴᠢᠨ | ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ | ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ | ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠬᠦᠯᠬᠦ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠲᠣᠰᠬᠤᠨ ᠤ ᠬᠠᠮᠲᠤ ᠶᠢᠨ | ᠠᠵᠤ ᠠᠬᠤᠶ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ᠂ | ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠡᠯ᠎ᠡ ᠲᠦᠷᠦᠯ ᠤᠨ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ | ᠰᠡᠷᠭᠡᠶᠢᠯᠡᠵᠦ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ / ᠸᠠᠩ ᠾᠧ ᠨᠠᠨ︶ |