ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/2/20
       ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠬᠠᠤᠯᠢ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢ ᠦᠨᠡᠨ ᠬᠦ ᠪᠠᠲᠤᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 2025 ᠣᠨ ᠤ 2 ᠰᠠᠷ᠎ᠠ ᠶᠢᠨ 14 ᠤ ᠡᠳᠦᠷ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠥᠳᠡᠯᠮᠦᠷᠢ  ᠦᠢᠯᠡᠴᠢᠯᠡᠭᠡ ᠲᠣᠮᠢᠯᠠᠬᠤ ᠨᠢᠭᠡᠴᠡ  ᠶᠢᠨ ᠡᠵᠡᠩᠨᠡᠯᠲᠡ ᠶᠢᠨ ᠪᠠᠶᠢᠳᠠᠯ ᠢ ᠮᠡᠳᠡᠭᠦᠯᠵᠦ ᠬᠠᠷᠭᠤᠭᠤᠯᠤᠨ ᠪᠠᠶᠢᠴᠠᠭᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠪᠠ᠃    ᠬᠤᠷᠠᠯ ᠳᠡᠭᠡᠷ᠎ᠡ᠂ ᠬᠤᠯᠪᠣᠭᠳᠠᠯ ᠪᠥᠬᠦᠶ ᠲᠠᠰᠤᠭ ᠤᠨ ᠬᠠᠷᠢᠭᠤᠴᠠᠯᠭᠠᠲᠠᠨ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠶᠠᠪᠤᠴᠠ ᠳᠤ ᠡᠷᠬᠡᠪᠰᠢ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠭᠡᠷ᠎ᠡ ᠶᠢᠨ ᠬᠠᠤᠯᠢ ᠶᠣᠰᠣᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠡᠯ᠎ᠡ ᠨᠢᠭᠡᠴᠡ ᠶᠢ ᠣᠨ ᠤ ᠡᠵᠡᠩᠨᠡᠯᠲᠡ ᠶᠢᠨ ᠪᠠᠶᠢᠳᠠᠯ ᠤᠨ ᠮᠡᠳᠡᠭᠦᠯᠦᠯᠲᠡ ᠪᠠᠨ ᠴᠠᠭ ᠲᠤᠬᠠᠶ ᠳᠤᠨᠢ ᠲᠤᠰᠢᠶᠠᠬᠤ ᠶᠢᠨ ᠬᠠᠮᠲᠤ ᠬᠢᠨᠠᠨ ᠰᠢᠯᠭᠠᠬᠤ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠶᠠᠪᠤᠴᠠ ᠳᠤ  ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠭᠰᠠᠨ ᠪᠥᠭᠡᠳ ᠵᠣᠬᠢᠴᠠᠩᠭᠤᠶ ᠰᠢᠢᠳᠪᠦᠷᠢᠯᠡᠬᠦ ᠲᠥᠰᠦᠯ ᠳᠤᠷᠠᠳᠴᠠᠶ᠃ ᠡᠯ᠎ᠡ ᠬᠥᠳᠡᠯᠮᠦᠷᠢ ᠦᠢᠯᠡᠴᠢᠯᠡᠭᠡ ᠲᠣᠮᠢᠯᠠᠬᠤ  ᠨᠢᠭᠡᠴᠡ ᠶᠢᠨ ᠲᠥᠯᠥᠭᠡᠯᠡᠭᠴᠢ᠂ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠥᠳᠡᠯᠮᠦᠷᠢ  ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃    ᠲᠣᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠠᠤᠬᠠᠨ ᠬᠤᠰᠢᠭᠤᠨ ᠤ ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠪᠠᠲᠤ ᠪᠠᠬᠢ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ᠂ ᠬᠥᠳᠡᠯᠮᠦᠷᠢ  ᠦᠢᠯᠡᠴᠢᠯᠡᠭᠡ ᠲᠣᠮᠢᠯᠠᠬᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号