| | 2 ᠰᠠᠷ᠎ᠠ ᠶᠢᠨ 19 ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠠᠤᠬᠠᠨ ᠬᠤᠰᠢᠭᠤᠨ ᠤ ᠨᠠᠮ ᠤᠨ | ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ | ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ | ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠧᠨ ᠬᠤᠩ ᠪᠥᠸᠧ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ︽ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ | ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ | ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ︾ ᠢ ᠨᠡᠶᠢᠲᠡᠯᠡᠵᠦ᠂ | ︽ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ | ᠴᠠᠭᠳᠠᠨ ᠪᠠᠶᠢᠴᠠᠭᠠᠬᠤ ᠠᠵᠢᠯ ᠤᠨ ᠲᠥᠰᠦᠯ︾ ᠳᠤ ᠲᠠᠶᠢᠯᠤᠮᠵᠢ ᠬᠢᠵᠦ᠂ ᠱᠧᠨ ᠬᠤᠩ ᠪᠥᠸᠧ ᠨᠥᠬᠦᠷ ᠲᠣᠰ | ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃ | | | | | ᠬᠤᠷᠠᠯ ᠠᠴᠠ ᠂ ᠴᠠᠭᠳᠠᠨ ᠪᠠᠶᠢᠴᠠᠭᠠᠬᠤ ᠠᠵᠢᠯ ᠪᠣᠯ ᠲᠣᠭᠤᠷᠢᠨ ᠪᠠᠶᠢᠴᠠᠭᠠᠬᠤ ᠠᠵᠢᠯ ᠢ ᠦᠨᠳᠦᠰᠦᠨ ᠱᠠᠲᠤ | ᠲᠡᠶᠢᠰᠢ ᠤᠷᠲᠤᠳᠬᠠᠬᠤ ᠴᠢᠬᠤᠯᠠ ᠲᠦᠷᠢᠮ ᠤᠨ ᠲᠣᠬᠢᠷᠠᠭᠤᠯᠤᠯᠲᠠ ᠮᠥᠨ᠂ ᠨᠠᠮ ᠢ ᠪᠥᠬᠦ ᠲᠠᠯ᠎ᠠ ᠪᠠᠷ ᠴᠢᠩᠭ᠎ᠠ | ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠦᠨᠳᠦᠰᠦᠨ | ᠱᠠᠲᠤᠨ ᠤ ᠬᠢᠨᠠᠯᠲᠠ ᠲᠠᠯᠪᠢᠬᠤ ᠪᠠ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠂ | ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ︽ᠴᠠᠭ︾ | ᠪᠠ ︽ᠪᠠᠶᠢᠳᠠᠯ︾ ᠤᠨ ᠬᠥᠭᠵᠢᠯᠲᠡ ᠬᠤᠪᠢᠷᠠᠯᠲᠠ ᠶᠢ ᠪᠠᠲᠤ ᠡᠵᠡᠮᠳᠡᠵᠦ᠂ ︽ᠳᠥᠷᠪᠡᠨ ᠠᠩᠬᠠᠷᠤᠯ︾ ᠤᠨ ᠬᠢᠨᠠᠯᠲᠠ | ᠲᠠᠯᠪᠢᠬᠤ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ᠂ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠴᠠᠭ ᠦᠶ᠎ᠡ ᠰᠢᠨ᠎ᠡ ᠠᠶᠠᠨ ᠵᠠᠮ ᠳᠤ ᠴᠠᠭᠳᠠᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠩ | ᠰᠠᠶᠢᠲᠤᠷ ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠴᠠᠭᠳᠠᠨ | ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠴᠠᠭᠳᠠᠨ ᠪᠠᠶᠢᠴᠠᠭᠠᠬᠤ | ᠠᠵᠢᠯ ᠢ ᠰᠠᠶᠢᠲᠤᠷ ᠬᠢᠬᠦ ᠪᠣᠯ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠴᠢᠬᠤᠯᠠ ᠢᠯᠡᠷᠡᠯ ᠪᠣᠯᠬᠤ ᠶᠢ | ᠭᠦᠨᠵᠡᠭᠡᠢ ᠲᠠᠨᠢᠵᠤ᠂ ᠴᠠᠭᠳᠠᠨ ᠪᠠᠶᠢᠴᠠᠭᠠᠬᠤ ᠶᠢ ᠥᠷᠨᠢᠭᠦᠯᠬᠦ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠬᠤ ᠶᠢ ᠭᠦᠨᠵᠡᠭᠡᠢ ᠲᠠᠨᠢᠵᠤ᠂ | ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠣᠯ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ | ᠴᠢᠬᠤᠯᠠ ᠭᠠᠷᠳᠠᠴᠠ ᠪᠣᠯᠬᠤ ᠶᠢ ᠭᠦᠨᠵᠡᠭᠡᠢ ᠲᠠᠨᠢᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠬᠢᠨᠠᠯᠲᠠ ᠶᠢ | ᠬᠦᠴᠦᠯᠡᠨ ᠴᠢᠩᠭᠠᠳᠬᠠᠵᠤ᠂ ᠴᠠᠭᠳᠠᠨ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ | ᠦᠭᠡᠢ ᠴᠢᠩᠭᠠᠳᠬᠠᠬᠤ ᠬᠡᠷᠡᠭᠲᠡᠢ᠃ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠡᠷᠬᠡᠪᠰᠢ ᠤᠨᠢᠨ ᠳᠡᠭᠡᠷ᠎ᠡ ᠨᠢ | ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠠᠳᠠᠯᠢ ᠪᠤᠰᠤ ᠡᠭᠦᠷᠭᠡ ᠴᠢᠳᠠᠪᠬᠢᠳᠦ ᠰᠠᠯᠠᠭ᠎ᠠ | ᠮᠥᠴᠢᠷ ᠤᠨ ᠣᠨᠴᠠᠯᠢᠭ ᠵᠢᠮ᠎ᠡ ᠶᠣᠰᠣ ᠪᠣᠯᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠢ | ᠡᠵᠡᠮᠳᠡᠵᠦ᠂ ᠬᠢᠨᠠᠯᠲᠠ ᠲᠠᠯᠪᠢᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠳᠠᠨ ᠪᠠᠶᠢᠴᠠᠭᠠᠬᠤ | ᠠᠷᠭ᠎ᠠ ᠬᠡᠯᠪᠡᠷᠢ ᠶᠢ ᠠᠮᠢᠳᠤᠯᠢᠭ ᠬᠡᠷᠡᠭᠯᠡᠵᠦ᠂ ᠴᠠᠭᠳᠠᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠡᠵᠡᠮᠳᠡᠵᠦ | ᠂ ᠬᠦᠴᠦᠲᠡᠢ ᠪᠦᠲᠦᠮᠵᠢᠲᠡᠢ ᠬᠢᠨᠠᠯᠲᠠ ᠲᠠᠯᠪᠢᠬᠤ ᠬᠡᠷᠡᠭᠲᠡᠢ᠃ ᠭᠤᠷᠪᠠ ᠳᠤ᠂ ᠬᠠᠷᠢᠯᠴᠠᠨ ᠬᠠᠮᠵᠢᠯᠴᠠᠬᠤ ᠪᠠᠨ | ᠴᠢᠩᠭᠠᠳᠬᠠᠵᠤ᠂ ᠴᠠᠭᠳᠠᠨ ᠪᠠᠶᠢᠴᠠᠭᠠᠬᠤ ᠠᠵᠢᠯ ᠤᠨ ᠤᠷᠤᠭᠰᠢᠲᠠᠢ ᠥᠷᠨᠢᠬᠦ ᠶᠢ ᠪᠠᠲᠤᠯᠠᠬᠤ ᠬᠡᠷᠡᠭᠲᠡᠢ᠃ ᠴᠠᠭᠳᠠᠨ | ᠪᠠᠶᠢᠴᠠᠭᠠᠬᠤ ᠪᠠᠶᠢᠭᠤᠯᠤᠮᠵᠢ ᠵᠢᠴᠢ ᠪᠦᠬᠦ ᠴᠠᠭᠳᠠᠨ ᠪᠠᠶᠢᠴᠠᠭᠠᠭᠴᠢ᠂ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ | ᠬᠠᠮᠲᠤ ᠪᠠᠷ ᠴᠢᠷᠮᠠᠶᠢᠵᠤ᠂ ᠴᠠᠭᠳᠠᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ | ᠴᠠᠭᠳᠠᠨ ᠪᠠᠶᠢᠴᠠᠭᠠᠬᠤ ᠳᠤᠭᠤᠶᠢᠯᠠᠩ 4 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠤᠰᠢᠭᠤᠨ ᠤ | ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠬᠠᠮ ᠵᠠᠭᠤᠴᠢᠯᠠᠭᠤᠷ ᠤᠨ ᠲᠥᠪ᠂ | ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ 8 ᠨᠠᠮ ᠤᠨ ᠵᠣᠬᠢᠶᠠᠨ | ᠪᠠᠶᠢᠭᠤᠯᠤᠯᠲᠠ ᠳᠤ ᠪᠠᠶᠢᠩᠭᠤ ᠶᠢᠨ ᠴᠠᠭᠳᠠᠨ ᠪᠠᠶᠢᠴᠠᠭᠠᠯᠲᠠ ᠥᠷᠨᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ | ᠡᠮᠨᠡᠯᠭᠡ ᠶᠢᠨ ᠬᠤᠷᠢᠶ᠎ᠠ᠂ ᠴᠠᠩ ᠱᠧᠩ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ 30 ᠰᠢᠶᠠᠩ | ᠪᠠᠯᠭᠠᠰᠤ ᠰᠤᠮᠤ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠤᠷᠲᠤᠳᠬᠠᠨ ᠴᠠᠭᠳᠠᠨ | ᠪᠠᠶᠢᠴᠠᠭᠠᠯᠲᠠ ᠦᠷᠨᠢᠭᠦᠯᠬᠦ ᠪᠠᠷ ᠪᠠᠶᠢᠨ᠎ᠠ᠃ | ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠥᠬᠦ ᠪᠦᠷᠢᠯᠳᠦᠬᠦᠨ︔ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︔ ᠬᠤᠰᠢᠭᠤᠨ ᠤ | ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠬᠠᠮᠵᠢᠯᠴᠠᠬᠤ ᠨᠢᠭᠡᠴᠡ ᠶᠢᠨ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ︔ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠳᠤ ᠣᠷᠣᠯᠴᠠᠭᠰᠠᠨ ᠴᠠᠭᠳᠠᠨ | ᠪᠠᠶᠢᠴᠠᠭᠠᠬᠤ ᠳᠤᠭᠤᠶᠢᠯᠠᠩ ᠵᠢᠴᠢ ᠴᠠᠭᠳᠠᠨ ᠪᠠᠶᠢᠴᠠᠭᠠᠬᠤ ᠠᠯᠪᠠᠨ ᠭᠡᠷ ᠤᠨ ᠪᠦᠬᠦ ᠬᠥᠮᠦᠰ ᠬᠤᠷᠠᠯ ᠳᠤ ᠣᠷᠣᠯᠴᠠᠪᠠ | ᠃ ︵ᠰᠤᠷᠪᠤᠯᠵᠢᠯᠠᠭᠴᠢ / ᠸᠧᠢ ᠵᠢᠶᠠ ᠶᠠᠨ︶ |