ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠰᠡᠷᠡᠮᠵᠢᠯᠡᠭᠦᠯᠬᠦ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/21
C:\Users\Administrator\Desktop\1.jpg 
    2 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠰᠡᠷᠡᠮᠵᠢᠯᠡᠭᠦᠯᠬᠦ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ ᠂ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ᠂  ᠳ᠋ᠠ ᠾᠧᠢ ᠱᠠᠨ ᠠᠭᠤᠯᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠱᠧᠨ ᠬᠤᠩ ᠪᠥᠸᠧ ᠬᠤᠷᠠᠯ ᠢ ᠡᠷᠭᠢᠯᠡᠪᠡ᠃    ᠮᠠ ᠯᠢ ᠬᠤᠸᠠ ᠠᠴᠠ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ  ᠦᠢᠯᠡᠰ ᠴᠣᠭᠴᠠᠯᠠᠬᠤ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠪᠠ  ᠭᠡᠵᠦ ᠵᠢᠭᠠᠨ ᠭᠠᠷᠭᠠᠪᠠ᠃
C:\Users\Administrator\Desktop\2.jpg
     ᠰᠢᠨ᠎ᠡ ᠨᠢᠭᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠠ ᠯᠢ ᠬᠤᠸᠠ ᠭᠤᠷᠪᠠᠨ ᠰᠠᠨᠠᠯ ᠳᠤᠷᠠᠳᠪᠠ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠬᠤ ᠬᠡᠷᠡᠭᠲᠡᠢ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠣᠨᠣᠪᠴᠢᠲᠠᠢ ᠡᠵᠡᠮᠳᠡᠵᠦ᠂ ᠭᠦᠨᠵᠡᠭᠡᠢ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠰᠢᠰᠲ᠋ᠧᠮᠲᠦ ᠢᠨᠵᠧᠨᠧᠷᠢᠩ ᠢᠶᠠᠷ ᠦᠵᠡᠵᠦ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠬᠠᠮᠢᠭ᠎ᠠ ᠬᠦᠷᠲᠡᠯ᠎ᠡ  ᠠᠬᠢᠭᠤᠯᠪᠠᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠨᠳᠡ ᠬᠦᠷᠲᠡᠯ᠎ᠡ ᠪᠠᠶᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠪᠦᠬᠦᠨ ᠢ ᠬᠠᠮᠤᠷᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ  ᠺᠠᠳ᠋ᠷᠴᠤᠳ ᠢ ᠰᠠᠶᠢᠲᠤᠷ ᠬᠠᠮᠢᠶᠠᠷᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠣᠯ  ᠬᠡᠪᠴᠢᠶᠠᠨ ᠠᠴᠠ ᠭᠠᠳᠠᠨᠠᠬᠢ ᠬᠥᠮᠦᠨ ᠦᠭᠡᠢ᠂ ᠣᠨᠴᠠᠭᠠᠢ ᠣᠷᠣᠨ ᠪᠦᠰᠡ ᠦᠭᠡᠢ ᠠᠭᠤᠤ ᠶᠡᠭᠡ ᠢᠨᠵᠧᠨᠧᠷᠢᠩ ᠮᠥᠨ᠂ ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠬᠠᠮᠢᠶᠠᠷᠴᠤ ᠬᠢᠨᠠᠯᠲᠠ ᠲᠠᠯᠪᠢᠬᠤ ᠬᠡᠪᠴᠢᠶᠡᠨ ᠳᠤ ᠪᠠᠶᠢᠵᠤ ᠂ ᠴᠥᠮ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠢᠮ ᠢ ᠪᠦᠬᠦᠨ ᠢ ᠨᠡᠪᠲᠡᠷᠡᠭᠦᠯᠬᠦ ᠶᠢ ᠪᠠᠷᠢᠮᠲᠠᠯᠠᠵᠤ᠂ ᠲᠦᠷᠢᠮ ᠢᠶᠠᠷ ᠨᠠᠮ ᠢ ᠬᠠᠮᠢᠶᠠᠷᠬᠤ᠂ ᠲᠦᠷᠢᠮ ᠶᠣᠰᠣᠭᠠᠷ ᠨᠠᠮ ᠢ ᠵᠠᠰᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠲᠦᠷᠢᠮ ᠤᠨ ᠪᠠᠶᠢᠭᠤᠯᠤᠯᠲᠠ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠲᠦᠷᠢᠮ ᠢᠶᠠᠷ ᠨᠠᠮ ᠢ ᠬᠠᠮᠢᠶᠠᠷᠬᠤ᠂ ᠲᠦᠷᠢᠮ ᠶᠣᠰᠣᠭᠠᠷ ᠨᠠᠮ ᠢ ᠵᠠᠰᠠᠬᠤ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠨᠵᠡᠭᠡᠢ ᠣᠶᠢᠯᠠᠭᠠᠵᠤ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ ᠲᠦᠷᠢᠮ ᠤᠨ ᠰᠦᠯᠵᠢᠶᠡᠨ ᠤ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠬᠤᠶᠠᠷ ᠲᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠨᠠᠮ ᠤᠨ ᠲᠡᠷᠢᠭᠦᠨ ᠤ ᠴᠢᠨᠠᠷ᠂  ᠠᠷᠢᠭᠤᠨ ᠴᠢᠭᠡᠴᠢ ᠴᠢᠨᠠᠷ ᠪᠣᠯᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠨᠢ ᠲᠦᠷ ᠵᠣᠭᠰᠣᠬᠤ ᠳᠠᠷᠤᠪᠴᠢ ᠦᠭᠡᠢ᠂ ᠨᠡᠩ ᠴᠤ ᠵᠣᠭᠰᠣᠬᠤ ᠲᠡᠮᠳᠡᠭ ᠦᠭᠡᠢ᠃ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ  ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠳᠤ ᠵᠠᠪᠠᠯ ᠢᠯᠠᠬᠤ ᠢᠲᠡᠭᠡᠯ ᠵᠣᠷᠢᠭ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠬᠤ ᠬᠡᠷᠡᠭᠲᠡᠢ᠃ ᠴᠢᠩᠭ᠎ᠠ ᠬᠦᠴᠦᠲᠠᠢ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠷ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢ ᠬᠠᠮᠠᠭᠠᠯᠠᠵᠤ᠂ ᠪᠠᠶᠢᠩᠭᠤᠵᠢᠭᠤᠯᠤᠭᠰᠠᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠷ ᠪᠥᠬᠦ ᠬᠤᠰᠢᠭᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ᠥᠴᠦᠬᠡᠨ ᠴᠦ ᠠᠭᠤᠴᠢᠯᠠᠬᠤ ᠥᠬᠡᠶ ᠰᠤᠷᠲᠠᠯ ᠢᠶᠠᠷ ᠪᠥᠬᠦ ᠬᠤᠰᠢᠭᠤᠨ ᠤ ᠤᠯᠤᠰ ᠲᠥᠷᠥ ᠶᠢᠨ ᠠᠮᠢ ᠠᠬᠤᠶ ᠶᠢᠨ ᠵᠢᠩᠬᠢᠨᠢ ᠦᠨᠳᠦᠰᠦ ᠶᠢ  ᠵᠠᠰᠠᠬᠤ ᠬᠡᠷᠡᠭᠲᠡᠶ᠃ ᠭᠤᠷᠪᠠ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠢᠭᠡ ᠭᠡᠷ ᠤᠨ ᠶᠠᠪᠤᠳᠠᠯ ᠣᠭᠲᠣ ᠪᠢᠰᠢ ᠶᠤᠮ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠦᠨᠳᠦᠰᠦᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠡᠭᠦᠷᠭᠡ ᠪᠣᠯᠭᠠᠨ ᠠᠳᠬᠤᠵᠤ᠂ ᠴᠢᠩᠭ᠎ᠠ ᠨᠢᠮᠪᠠᠢ᠂ ᠪᠣᠳᠠᠲᠠᠢ ᠨᠠᠷᠢᠯᠢᠭ ᠠᠳᠬᠤᠵᠤ᠂ ︽ᠨᠠᠳᠠ ᠪᠠᠷ ᠠᠳᠬᠤᠭᠤᠯᠬᠤ︾ ᠶᠢ ︽ᠪᠢ ᠠᠳᠬᠤᠬᠤ︾ ᠪᠣᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃    ᠬᠤᠷᠠᠯ ᠳᠡᠭᠡᠷ᠎ᠡ᠂ ᠱᠧᠨ ᠬᠤᠩ ᠪᠥᠸᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠪᠥᠲᠥᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃    ᠪᠥᠬᠦᠳᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠲᠡᠭᠦᠰᠦᠭᠰᠡᠨ ᠤ ᠳᠠᠷᠠᠭ᠎ᠠ᠂ ᠪᠥᠬᠦ ᠬᠤᠰᠢᠭᠤᠨ ᠤ ᠵᠢᠩᠬᠢᠨᠢ ᠰᠠᠯᠠᠭᠠᠨ ᠤ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠩᠭᠡᠭᠡᠨ ᠵᠣᠬᠢᠶᠠᠭᠰᠠᠨ ᠰᠡᠷᠡᠮᠵᠢᠯᠡᠭᠦᠯᠬᠦ ᠬᠥᠮᠦᠵᠢᠯ ᠤᠨ  ︽ᠰᠡᠷᠡᠮᠵᠢ ᠶᠢᠨ ᠬᠤᠩᠬᠤ︾ ᠭᠡᠬᠦ ᠹᠢᠯᠢᠮ ᠢ ᠦᠵᠡᠪᠡ᠃ ᠬᠤᠷᠠᠯ ᠳᠤ ᠣᠷᠣᠯᠴᠠᠭᠰᠠᠳ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠮᠠ ᠯᠢ ᠬᠤᠸᠠ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ᠂ ᠱᠧᠨ ᠬᠤᠩ ᠪᠥᠸᠧ ᠨᠥᠬᠦᠷ ᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠠᠵᠢᠯ ᠤᠨ ᠮᠡᠳᠡᠭᠦᠯᠦᠯᠲᠡ ᠵᠢᠴᠢ ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ᠶᠢ ᠳᠤᠭᠤᠶᠢᠯᠠᠩ ᠬᠤᠪᠢᠶᠠᠨ ᠶᠠᠷᠢᠯᠴᠠᠵᠤ ᠰᠤᠷᠤᠯᠴᠠᠪᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠤᠭᠤᠶᠢᠯᠠᠩ ᠬᠤᠪᠢᠶᠠᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠰᠡᠷᠡᠮᠵᠢᠯᠡᠭᠦᠯᠬᠦ ᠰᠤᠷᠭᠠᠨ ᠬᠥᠮᠦᠵᠢᠯ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ  ᠬᠤᠷᠠᠯ ᠠᠴᠠ ᠱᠧᠨ ᠬᠤᠩ ᠪᠥᠸᠧ ᠨᠥᠬᠦᠷ ᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ᠠᠵᠢᠯ ᠤᠨ ᠮᠡᠳᠡᠭᠦᠯᠦᠯᠲᠡ ᠪᠠ ᠪᠥᠬᠦᠳᠡ ᠬᠤᠷᠠᠯ ᠤᠨ ᠠᠯᠪᠠᠨ ᠮᠡᠳᠡᠭᠡ ︵ᠲᠥᠰᠦᠯ︶ ᠶᠢ ᠬᠢᠨᠠᠨ ᠵᠥᠪᠯᠡᠵᠦ ᠪᠠᠲᠤᠯᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ  ᠦᠢᠯᠡᠳᠪᠦᠷᠢ︶ ᠬᠤᠷᠢᠶ᠎ᠠ ᠶᠢᠨ ᠱᠦᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠦᠬᠦᠳ︔  ᠲᠦᠪ ᠣᠷᠤᠨ ᠬᠤᠲᠠ ᠶᠢᠨ ᠰᠢᠭᠤᠳ ᠬᠠᠷᠢᠶ᠎ᠠ ᠠᠣᠬᠠᠨ ᠳᠤ ᠰᠠᠭᠤᠭ᠎ᠠ ᠬᠤᠯᠪᠤᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠳᠠᠨ ᠨᠦᠬᠦᠳ︔ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠪᠤᠰᠤ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ︔ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ  ︵  ᠠᠵᠤ ᠦᠢᠯᠡᠳᠪᠦᠷᠢ︶ ᠶᠢᠨ ᠵᠦᠪᠯᠡᠯ ᠤᠨ ᠱᠦᠵᠢ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠡᠯ᠎ᠡ ᠬᠡᠯᠲᠡᠰ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ︔ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠵᠠᠶ᠃  ︵ᠰᠤᠷᠪᠤᠯᠵᠢᠯᠠᠭᠴᠢ  / ᠮᠠ ᠱᠦ ᠢᠤᠢ ᠯᠢᠦ ᠪᠠᠢ ᠯᠢ ᠵᠠᠩ ᠴᠢ ᠯᠦᠩ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号