| ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 24 ᠤ | ᠡᠳᠦᠷ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᡁᠢ ᠴᠢᠶᠠᠩ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | | | | | ᠯᠢ ᡁᠢ ᠴᠢᠶᠠᠩ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠡᠰᠡᠭ | ᠬᠤᠳᠠᠯᠳᠤᠭᠠᠴᠢᠨ ᠡᠷᠦᠬᠡ ᠶᠢᠨ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ᠂ ᠭᠡᠷᠡᠴᠢ ᠪᠠᠷᠢᠮᠲᠠ ᠠᠪᠬᠤ ᠪᠠ | ᠦᠨ᠎ᠡ ᠬᠠᠩᠰᠢ ᠶᠢ ᠢᠯᠡ ᠲᠡᠮᠳᠡᠭᠯᠡᠭᠰᠡᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠪᠠ᠃ ᠲᠡᠷᠡ ᠡᠯ᠎ᠡ ᠡᠵᠡᠩᠨᠡᠯᠲᠡ ᠶᠢᠨ | ᠨᠢᠭᠡᠴᠡ ᠶᠢᠨ ᠬᠢᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ | ᠂ ᠪᠠᠷᠠᠭᠠᠨ ᠤ ᠢᠷᠡᠯᠳᠡ ᠶᠢᠨ ᠪᠣᠭᠤᠮᠲᠠ ᠶᠢ ᠰᠠᠶᠢᠲᠤᠷ ᠰᠠᠬᠢᠵᠤ᠂ ᠬᠤᠳᠠᠯᠳᠤᠵᠤ ᠪᠠᠶᠢᠭ᠎ᠠ ᠢᠳᠡᠭᠡᠨ ᠤ ᠢᠷᠡᠯᠳᠡ ᠶᠢᠨ | ᠵᠢᠩᠬᠢᠨᠢ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠶᠠᠰᠤ ᠴᠢᠨᠠᠷ ᠤᠨ ᠪᠣᠭᠤᠮᠲᠠ ᠶᠢ | ᠰᠠᠶᠢᠲᠤᠷ ᠡᠵᠡᠮᠳᠡᠵᠦ᠂ ᠶᠠᠰᠤ ᠴᠢᠨᠠᠷ ᠢ ᠬᠤᠪᠢᠷᠠᠭᠤᠯᠬᠤ᠂ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ | ᠪᠣᠷᠣᠯᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ︔ ᠪᠠᠶᠢᠴᠠᠭᠠᠨ ᠰᠢᠯᠭᠠᠬᠤ ᠪᠣᠭᠤᠮᠲᠠ ᠶᠢ ᠰᠠᠶᠢᠲᠤᠷ ᠠᠳᠬᠤᠵᠤ᠂ | ᠢᠳᠡᠭᠡᠨ ᠢ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠦᠨ᠎ᠡ ᠬᠠᠩᠰᠢ ᠶᠢᠨ ᠪᠣᠭᠤᠮᠲᠠ ᠶᠢ | ᠰᠠᠶᠢᠲᠤᠷ ᠰᠠᠬᠢᠵᠤ᠂ ᠪᠤᠢ ᠪᠦᠬᠦᠢ ᠲᠠᠸᠠᠷ ᠴᠥᠮ ᠡᠷᠬᠡᠪᠰᠢ ᠦᠨ᠎ᠡ ᠬᠠᠩᠰᠢ ᠶᠢ ᠢᠯᠡ ᠲᠣᠳᠣᠷᠬᠠᠶᠢᠯᠠᠵᠤ᠂ | ᠬᠡᠷᠡᠭᠯᠡᠭᠴᠢᠳ ᠤᠨ ᠬᠡᠷᠡᠭᠯᠡᠭᠡ ᠶᠢ ᠲᠣᠳᠤᠷᠬᠠᠢ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃ | | | | | ᠪᠠᠶᠢᠴᠠᠭᠠᠯᠲᠠ ᠶᠢᠨ ᠳᠤᠮᠳᠠ᠂ ᠯᠢ ᡁᠢ ᠴᠢᠶᠠᠩ ᠠᠴᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ | ᠰᠡᠳᠬᠢᠬᠦᠶ ᠪᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ | ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠰᠠᠭᠤᠳᠠᠯ ᠤᠨ ᠳᠠᠯᠳᠠ ᠬᠡᠮ ᠢ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ︽ | ᠢᠳᠡᠰᠢᠨ ᠨᠣᠭᠤᠭ᠎ᠠ︾ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠵᠤ᠂ | ᠣᠯᠠᠨ ᠲᠦᠮᠡᠨ ᠳᠤ ᠠᠮᠤᠷ ᠲᠦᠪᠰᠢᠨ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠳᠤ | ᠳᠥᠭᠦᠮ ᠳᠥᠲᠡ ᠪᠠᠷᠠᠭ᠎ᠠ ᠬᠤᠳᠠᠯᠳᠤᠨ ᠠᠪᠬᠤ ᠣᠶᠢᠯᠠᠭᠠᠯᠲᠠ ᠶᠢ ᠡᠳ᠋ᠯᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ |