| ᠨᠢᠭᠡ ᠳᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠪᠠ᠃ ᠪᠡᠯᠡ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠪᠠᠨ | ᠲᠡᠭᠦᠯᠳᠡᠷᠵᠢᠭᠦᠯᠵᠦ᠂ ᠪᠠᠷᠠᠭ᠎ᠠ ᠲᠡᠭᠡᠭᠡᠪᠦᠷᠢᠯᠡᠬᠦ ᠪᠠ ᠠᠵᠢᠯᠲᠠᠨ ᠤ ᠠᠵᠢᠯ ᠳᠤ ᠭᠠᠷᠬᠤ ᠶᠢ ᠦᠨᠡᠨᠬᠦ ᠪᠠᠲᠤᠯᠠᠨ᠎ᠠ᠃ | ᠡᠭᠦᠨ ᠤ ᠬᠠᠮᠲᠤ᠂ ᠤᠰᠤ ᠴᠠᠬᠢᠯᠭᠠᠨ ᠤ ᠬᠠᠩᠭᠠᠯᠭ᠎ᠠ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠨ᠎ᠠ᠃ ᠪᠣᠬᠢᠷ | ᠤᠰᠤ ᠰᠢᠢᠳᠪᠦᠷᠢᠯᠡᠬᠦ ᠣᠳᠣᠬᠢᠴᠢᠯᠠᠭᠰᠠᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠬᠦᠷᠢᠶᠡᠯᠡᠩ | ᠲᠣᠭᠤᠷᠢᠭ ᠤᠨ ᠪᠣᠬᠢᠷ ᠤᠰᠤ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠵᠤ᠂ ᠪᠣᠬᠢᠷᠲᠤᠯ ᠦᠭᠡᠶ᠂ ᠣᠷᠴᠢᠨ | ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠬᠤᠶᠠᠷ ᠲᠤ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠪᠠ᠃ ᠡᠯ᠎ᠡ | ᠵᠦᠢᠯ ᠤᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠨᠡᠩ ᠣᠯᠠᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠠᠲᠠᠨ ᠣᠷᠣᠭᠤᠯᠵᠤ ᠨᠤᠲᠤᠭᠰᠢᠭᠤᠯᠤᠨ᠎ᠠ᠃ ᠣᠲᠣ ᠶᠢᠨ ᠪᠠᠶᠢᠭ᠎ᠠ ᠡᠬᠢ | ᠪᠠᠶᠠᠯᠢᠭ ᠪᠠ ᠠᠵᠤ ᠦᠢᠯᠡᠰ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠣᠷᠣᠨ | ᠬᠡᠰᠡᠭ ᠲᠠᠢ ᠤᠶᠠᠯᠳᠤᠭᠤᠯᠤᠨ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ᠂ ᠠᠤᠬᠠᠨ ᠤ | ᠨᠠᠷᠢᠮᠤ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠢ ᠠᠰᠢᠭᠯᠠᠨ᠂ ᠳᠡᠭᠡᠳᠦ ᠤᠷᠤᠰᠬᠠᠯ ᠤᠨ | ᠦᠢᠯᠡᠳᠬᠦᠨ ᠤ ᠲᠣᠭᠤᠷᠢᠨ ᠳᠤ ᠪᠥᠬᠦ ᠠᠵᠢᠯᠲᠠᠨ ᠬᠤᠳᠠᠯᠳᠤᠭᠠᠴᠢᠨ ᠤᠷᠢᠨ᠎ᠠ᠃ ᠡᠯ᠎ᠡ ᠲᠥᠷᠥᠯ ᠤᠨ | ᠬᠤᠳᠠᠯᠳᠤᠭᠠᠴᠢᠨ ᠤᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠭᠠᠳᠠᠭᠠᠲᠤ ᠡᠲᠡᠭᠡᠳ ᠲᠤ | ᠤᠯᠠᠭᠠᠨᠬᠠᠳᠠ ᠶᠢᠨ ᠠᠤᠬᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠪᠠᠭᠤᠯᠢᠭ ᠪᠠ ᠳᠠᠯᠳᠠ | ᠬᠦᠴᠦᠨ ᠢ ᠳᠡᠯᠭᠡᠨ ᠦᠵᠡᠭᠦᠯᠦᠨ᠎ᠡ᠃ ᠭᠤᠣᠯᠳᠠᠯᠭ᠎ᠠ ᠲᠠᠢ ᠲᠥᠷᠥᠯ ᠵᠦᠢᠯ ᠪᠠ ᠠᠵᠤ ᠠᠬᠤᠶᠢᠯᠠᠯ ᠳᠤ ᠴᠢᠭᠯᠡᠭᠦᠯᠦᠨ᠂ | ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠵᠥᠪᠳᠡᠯᠴᠡᠬᠦ᠂ ᠭᠡᠷ᠎ᠡ | ᠲᠣᠭᠲᠠᠬᠤ ᠠᠴᠠ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠬᠦᠷᠲᠡᠯ᠎ᠡ᠂ ᠪᠥᠬᠦ ᠶᠠᠪᠤᠴᠠ ᠶᠢ ᠮᠥᠷᠳᠡᠨ | ᠵᠣᠬᠢᠴᠠᠭᠤᠯᠵᠤ᠂ ᠲᠥᠷᠥᠯ ᠵᠦᠢᠯ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠎ᠠ᠃ | ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠤᠨ ᠳᠡᠮᠵᠢᠵᠦ᠂ ᠴᠢᠳᠠᠪᠤᠷᠢᠲᠠᠨ | ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠤᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠥᠵᠢᠭᠦᠯᠦᠨ᠎ᠡ᠃ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠥᠷᠥ ᠶᠢᠨ ᠪᠣᠳᠣᠯᠭ᠎ᠠ ᠶᠢ ᠠᠰᠢᠭᠯᠠᠨ᠂ ᠳᠡᠭᠡᠳᠦ ᠲᠠᠰ ᠤᠨ ᠴᠢᠳᠠᠪᠤᠷᠢᠲᠠᠨ ᠢ ᠬᠦᠷᠢᠶᠡᠯᠡᠩ | ᠲᠣᠭᠤᠷᠢᠭ ᠲᠤ ᠲᠡᠳᠡᠨ ᠠᠪᠴᠢᠷᠠᠵᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠤᠯᠤᠨ᠎ᠠ᠃ ᠬᠦᠷᠢᠶᠡᠯᠡᠩ | ᠲᠣᠭᠤᠷᠢᠭ ᠨᠢ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠪᠠᠷ ᠪᠠᠶᠢᠭᠤᠯᠵᠤ᠂ | ᠴᠢᠳᠠᠪᠤᠷᠢᠲᠠᠨ ᠤ ᠰᠣᠯᠢᠯᠴᠠᠭᠠᠨ ᠤ ᠲᠠᠪᠴᠠᠩ ᠪᠠᠶᠢᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ | ᠲᠥᠷᠥᠯ ᠤᠨ ᠴᠢᠳᠠᠪᠤᠷᠢᠲᠠᠨ ᠤᠷᠢᠬᠤ ᠴᠤᠭᠯᠠᠭᠠᠨ ᠪᠠ ᠰᠣᠯᠢᠯᠴᠠᠭᠠᠨ ᠤ ᠬᠤᠷᠠᠯ ᠳᠤ ᠣᠷᠣᠯᠴᠠᠭᠤᠯᠵᠤ᠂ ᠠᠵᠤ | ᠠᠬᠤᠶᠢᠯᠠᠯ ᠤᠨ ᠠᠳᠠᠯᠢ ᠪᠤᠰᠤ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠳᠥᠷᠪᠡ ᠳᠤ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ | ᠳᠣᠲᠣᠷᠠᠬᠢ ᠠᠵᠤ ᠦᠢᠯᠡᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠤᠨ | ᠬᠤᠭᠤᠷᠣᠨᠳᠣ ᠪᠠᠨ ᠳᠡᠭᠡᠳᠦ ᠳᠣᠤᠷᠠᠳᠤ ᠤᠷᠤᠰᠬᠠᠯ ᠤᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ᠂ | ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠤᠶ ᠪᠣᠯᠭᠠᠨ᠎ᠠ᠃ ᠤᠯᠠᠮᠵᠢᠯᠠᠯᠲᠤ ᠠᠵᠤ ᠦᠢᠯᠡᠰ ᠢ ᠬᠥᠲᠥᠯᠦᠨ | ᠵᠢᠯᠣᠭᠤᠳᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠵᠦ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠡᠷᠭᠢᠨ ᠲᠣᠭᠤᠷᠢᠨ ᠤ ᠭᠠᠵᠠᠷ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ | ᠪᠡᠶᠡᠯᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃ | |