ᠵᠠᠩ ᠱᠸᠤ ᠬᠠᠶ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/25
           ᠣᠷᠴᠢᠮ ᠤᠨ ᠡᠳᠦᠷ᠂ ᠤᠯᠠᠭᠠᠨᠬᠠᠳᠠ ᠬᠤᠲᠠ ᠶᠢᠨ ᠳᠡᠳ᠋ ᠳᠠᠷᠤᠭ᠎ᠠ ᠵᠠᠩ ᠱᠸᠤ ᠬᠠᠶ ᠨᠠᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠤᠤ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 C:\Users\Administrator\Desktop\1_副本.jpg
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠤ ᠨᠠᠷᠢᠮᠤ ᠶᠢᠨ ᠮᠦᠽᠧᠶ᠂ ᠠᠤᠬᠠᠨ ᠨᠠᠷᠢᠮᠤ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠥᠪ᠂ ᠠᠤᠬᠠᠨ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠦᠷᠢᠶᠡᠯᠡᠩ ᠤᠨ ᠤᠶᠤᠨᠲᠤ ᠬᠥᠮᠥᠷᠭᠡᠯᠡᠨ ᠬᠠᠳᠠᠭᠠᠯᠠᠬᠤ ᠬᠥᠮᠥᠷᠭᠡ ᠵᠢᠴᠢ ᠨᠠᠷᠢᠯᠢᠭ ᠡᠳ᠋ᠰᠢᠭᠦᠯᠬᠦ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠠᠭᠤᠷᠢᠨ ᠭᠠᠵᠠᠷ᠂ ᠰᠢᠨ  ᠾᠦᠢ ᠪᠠᠯᠭᠠᠰᠤᠨ ᠤ ᠺᠠᠩ ᠵᠢᠶᠠ ᠳ᠋ᠢᠶᠠᠨ ᠲᠣᠰᠬᠤᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠦᠬᠦᠭᠡᠷᠦᠮᠵᠢᠲᠦ ᠲᠠᠷᠢᠶᠠᠯᠠᠩ ᠤᠨ ᠵᠢᠮᠢᠰ ᠲᠡᠭᠦᠬᠦ ᠬᠦᠷᠢᠶᠡᠯᠡᠩ ᠤᠨ ᠲᠥᠷᠥᠯ ᠵᠦᠢᠯ ᠤᠨ ᠰᠠᠭᠤᠷᠢᠨ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠬᠠᠮᠢᠶ᠎ᠠ ᠪᠥᠬᠦᠶ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃
C:\Users\Administrator\Desktop\2_副本.jpg
    ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠱᠸᠤ ᠬᠠᠶ ᠠᠴᠠ᠂ ᠡᠯ᠎ᠡ ᠬᠤᠯᠪᠣᠭᠳᠠᠯ ᠪᠥᠬᠦᠶ ᠨᠢᠭᠡᠴᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠬᠢᠪᠡᠰᠦ ᠵᠣᠬᠢᠬᠤ ᠠᠵᠢᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠲᠥᠷᠥᠯ ᠵᠦᠢᠯ ᠤᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠪᠠ ᠺᠠᠳ᠋ᠷ ᠴᠢᠳᠠᠪᠤᠷᠢᠲᠠᠨ ᠵᠡᠷᠭᠡ ᠲᠠᠯ᠎ᠠ ᠪᠠᠷ ᠦᠷᠭᠦᠯᠵᠢᠯᠡᠨ ᠲᠥᠯᠥᠪᠵᠢᠭᠦᠯᠦᠨ ᠪᠠᠶᠢᠷᠢᠯᠠᠭᠤᠯᠵᠤ᠂ ᠰᠢᠨ᠎ᠡ ᠨᠢᠭᠡ ᠵᠢᠯ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠨᠠᠩ ᠭᠦᠨ ᠲᠠᠰ ᠳᠠᠪᠬᠤᠷᠭ᠎ᠠ ᠪᠠ ᠨᠠᠩ ᠥᠷᠭᠡᠨ ᠬᠦᠷᠢᠶᠡᠨ ᠳᠤ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃
C:\Users\Administrator\Desktop\3_副本.jpg
    ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠠᠤᠬᠠᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠭᠦᠸᠧ ᠰᠢᠶᠤᠤ ᠴᠢᠶᠣᠤ ᠠᠤᠬᠠᠨ ᠬᠤᠰᠢᠭᠤᠨ ᠤ ᠦᠨᠳᠦᠰᠦᠨ ᠪᠠᠶᠢᠳᠠᠯ ᠪᠠ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠪᠡᠶᠡᠯᠡᠭᠦᠯᠦᠭᠰᠡᠨ ᠪᠠᠶᠢᠳᠠᠯ ᠵᠡᠷᠭᠡ ᠬᠤᠶᠠᠷ ᠲᠠᠯ᠎ᠠ ᠠᠴᠠ ᠪᠥᠬᠦ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠪᠠ᠃ ᠵᠠᠩ ᠱᠸᠤ ᠬᠠᠶ ᠠᠤᠬᠠᠨ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠣᠯᠤᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠂ ᠲᠠᠷᠠᠭᠠᠴᠢ ᠶᠢᠨ ᠠᠵᠢᠯ ᠤᠨ ᠳᠤᠮᠳᠠ᠂ ᠡᠯ᠎ᠡ ᠣᠷᠣᠯᠴᠠᠬᠤ  ᠨᠢᠭᠡᠴᠡ ᠨᠦᠭᠦᠳ ᠰᠠᠨᠠᠭᠠᠴᠢᠯᠠᠭᠠᠲᠤ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠬᠠᠮᠵᠢᠯᠴᠠᠨ ᠲᠠᠪᠰᠢᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠡᠭᠦᠨ ᠤ ᠬᠠᠮᠲᠤ᠂ ᠡᠷᠬᠡᠪᠰᠢ ᠬᠤᠶᠠᠷ ᠲᠠᠯ᠎ᠠ ᠶᠢᠨ ᠤᠯᠤᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠢᠨ᠎ᠡ ᠦᠨᠳᠦᠷᠴᠡ ᠳᠤ ᠬᠦᠷᠭᠡᠬᠦ ᠶᠢ ᠠᠬᠢᠭᠤᠯᠵᠤ᠂ ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠳᠡᠮᠵᠢᠵᠦ᠂ ᠬᠠᠮᠲᠤᠪᠠᠷ ᠴᠢᠨᠡᠭᠡᠯᠢᠭᠵᠢᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ / ᠯᠢᠦ ᠪᠠᠢ ᠯᠢ︶
C:\Users\Administrator\Desktop\4_副本.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号