ᠭᠤᠷᠪᠠᠨᠬᠤᠸᠠ ᠪᠠᠯᠭᠠᠰᠤ᠄ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ ᠰᠤᠷᠭᠠᠭᠤᠯᠢ ᠡᠬᠢᠯᠡᠬᠦ ᠤᠯᠠᠷᠢᠯ ᠤᠨ ᠢᠳᠡᠭᠡᠨ ᠤ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/26
      ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠭᠤᠷᠪᠠᠨᠬᠤᠸᠠ ᠪᠠᠯᠭᠠᠰᠤ ᠢᠳᠡᠪᠬᠢᠲᠡᠶ ᠬᠥᠳᠡᠯᠦᠯᠴᠡᠵᠦ᠂ ᠰᠤᠷᠤᠯᠭ᠎ᠠ ᠡᠬᠢᠯᠡᠬᠦ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠭᠰᠢ ᠰᠤᠷᠤᠭᠴᠢᠳ ᠲᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃     ᠭᠤᠷᠪᠠᠨᠬᠤᠸᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠶᠢ ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠴᠡᠭ ᠢ ᠨᠢᠭᠡ ᠶᠢ  ᠴᠤ ᠣᠷᠬᠢᠭᠳᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ ᠬᠤᠭᠤᠯᠠ ᠢᠳᠡᠬᠦ ᠣᠷᠴᠢᠨ ᠲᠣᠭᠤᠷᠢᠨ ᠤ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ  ᠪᠠᠲᠤᠯᠠᠨ᠎ᠠ᠃ ᠰᠤᠷᠭᠠᠭᠤᠯᠢ ᠶᠢᠨ ᠬᠤᠭᠤᠯᠠᠨ ᠬᠡᠷ ᠲᠤ᠂ ᠭᠤᠤᠯᠳᠠᠭᠤ ᠢᠳᠡᠭᠡᠨ ᠤ ᠡᠵᠡᠩᠨᠡᠯᠲᠡ ᠶᠢᠨ ᠬᠢᠷᠢ ᠬᠡᠮ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠦᠨ ᠦᠢᠯᠡᠳᠬᠦ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂  ᠠᠵᠢᠯᠯᠠᠵᠤ ᠪᠠᠶᠢᠭ᠎ᠠ ᠬᠦᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠨᠠᠷᠢᠨ ᠪᠠᠶᠢᠴᠠᠭᠠᠯᠲᠠ ᠬᠢᠪᠠ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ  ᠨᠢᠭᠡᠴᠡ ᠳᠤ ᠴᠢᠭᠯᠡᠭᠦᠯᠦᠨ᠂ ︽ᠭᠤᠷᠪᠠ ᠥᠬᠡᠶ︾ ᠢᠳᠡᠭᠡᠨ᠂ ᠬᠤᠭᠤᠴᠠᠭ᠎ᠠ ᠬᠡᠲᠦᠷᠡᠭᠰᠡᠨ ᠢᠳᠡᠭᠡᠨ ᠵᠢᠴᠢ ᠬᠠᠭᠤᠷᠮᠠᠭ ᠮᠠᠭᠤ ᠢᠳᠡᠭᠡᠨ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠢᠳᠡᠭᠡᠨ ᠤ ᠡᠵᠡᠩᠨᠡᠯᠲᠡ ᠶᠢᠨ ᠨᠢᠭᠡᠴᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠪᠠᠶᠢᠴᠠᠭᠠᠨ ᠦᠵᠡᠪᠡ᠃    ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠢ ᠴᠢᠩᠭ᠎ᠠ ᠬᠡᠷᠡᠭᠵᠢᠭᠦᠯᠬᠦ ᠪᠠ ᠤᠬᠠᠭᠤᠯᠭ᠎ᠠ ᠬᠥᠮᠦᠵᠢᠯ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠢᠳᠡᠭᠡᠨ ᠤ ᠡᠵᠡᠩᠨᠡᠯᠲᠡ ᠶᠢᠨ ᠠᠵᠢᠯᠯᠠᠭᠰᠠᠳ ᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠨ᠂ ᠲᠡᠳᠡᠨ ᠢ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠪᠠᠨ ᠦᠨᠡᠨ ᠬᠦ ᠭᠦᠢᠴᠡᠳᠬᠡᠵᠦ᠂ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠣᠯᠵᠤ ᠮᠡᠳᠡᠭᠰᠡᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠱᠠᠭᠠᠷᠳᠠᠵᠤ᠂ ᠡᠵᠡᠩᠨᠡᠭᠴᠢ ᠶᠢ ᠱᠠᠯᠠᠪᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠡᠵᠡᠩᠨᠡᠯᠲᠡ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠭᠤᠯᠬᠤ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠰᠤᠷᠭᠠᠭᠤᠯᠢ ᠡᠬᠢᠯᠡᠬᠦ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠵᠤ᠂ ᠢᠳᠡᠭᠡᠨ ᠤ ᠡᠵᠡᠩᠨᠡᠯᠲᠡ ᠶᠢᠨ  ᠠᠵᠢᠯᠯᠠᠭᠰᠠᠳ ᠲᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠰᠤᠷᠤᠯᠴᠠᠬᠤ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号