| 2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ 2025 ᠣᠨ ᠤ | ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠪᠠ᠃ ᠬᠤᠰᠢᠭᠤᠨ ᠤ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ | ᠳᠡᠳ᠋ ᠲᠡᠷᠢᠭᠦᠯᠡᠭᠴᠢ ᠦ᠋ ᠢᠦᠶ ᠵᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠥᠪ ᠤᠨ ᠲᠤᠭ᠎ᠠ | ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠪᠢᠴᠢᠭ ᠮᠠᠲ᠋ᠧᠷᠢᠶᠠᠯ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠪᠢᠴᠢᠭ ᠮᠠᠲ᠋ᠧᠷᠢᠶᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾ ᠶᠢᠨ ᠲᠣᠪᠴᠢᠯᠠᠯ᠂ ︽ᠤᠯᠠᠭᠠᠨᠬᠠᠳᠠ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠶᠡᠷᠦᠩᠬᠡᠢ ᠰᠠᠶᠢᠳ ᠯᠢ ᠴᠢᠶᠠᠩ ᠤᠨ | ᠲᠦᠷᠦ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠳᠡᠭᠡᠷᠡᠬᠢ ᠶᠠᠷᠢᠶ᠎ᠠ︾ ᠶᠢ ᠳᠠᠮᠵᠢᠭᠤᠯᠤᠨ | ᠰᠤᠷᠤᠯᠴᠠᠪᠠ᠃ ︽︿ᠳᠥᠷᠪᠡᠨ ᠨᠢᠭᠡ ᠪᠦᠯᠦᠭ﹀ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ | ᠠᠵᠢᠯ ᠤᠨ ᠲᠥᠰᠦᠯ︾ ᠢ ᠬᠢᠨᠠᠨ ᠵᠥᠪᠯᠡᠪᠡ᠃ ᠨᠢᠯᠬ᠎ᠠ ᠬᠡᠤᠬᠡᠳ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠷᠪᠠᠨ ᠲᠠᠪᠤᠨ ᠵᠢᠯ ᠤᠨ ᠳᠦᠷᠢᠮᠲᠦ︶ | ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠪᠥᠲᠥᠭᠡᠨ ᠪᠠᠶᠢᠭᠤᠯᠬᠤ ᠬᠤᠯᠪᠣᠭᠳᠠᠯ ᠪᠥᠬᠦᠶ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ᠂ ᠴᠠᠩ ᠱᠧᠩ ᠭᠤᠤᠯ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠡᠰᠡᠭ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠬᠡᠰᠡᠭ ᠬᠤᠷᠠᠯ ᠤᠨ ᠲᠣᠪᠴᠢ ᠲᠡᠮᠳᠡᠭᠯᠡᠯ ᠢ | ᠬᠦᠴᠦᠨ ᠥᠬᠡᠶ ᠪᠣᠯᠭᠠᠬᠤ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠤᠬᠠᠨ ᠬᠤᠰᠢᠭᠤᠨ ᠤ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠬᠠᠮᠠᠭᠠᠯᠠᠯᠲᠠ ᠶᠢᠨ ᠣᠷᠣᠨ ︵ᠬᠤᠶᠠᠷ ᠲᠣᠭᠤᠷᠢᠭ︶ ᠤ ᠬᠠᠮᠢᠶ᠎ᠠ ᠪᠥᠬᠦᠶ ᠤᠴᠢᠷ ᠶᠠᠪᠤᠳᠠᠯ ᠪᠠ ᠨᠡᠶᠢᠭᠡᠮ ᠤᠨ | ᠬᠥᠷᠥᠩᠭᠡ ᠶᠢᠨ 2025 ᠣᠨ ᠤ 10 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠤ ᠣᠷᠣᠯᠴᠠᠬᠤ ᠬᠠᠮᠢᠶ᠎ᠠ ᠪᠥᠬᠦᠶ ᠵᠦᠢᠯᠡᠰ ᠢ ᠰᠤᠳᠤᠯᠪᠠ᠃ ︵ | ᠰᠤᠷᠪᠤᠯᠵᠢᠯᠠᠭᠴᠢ / ᠲᠠᠨ ᠬᠤᠸᠠ ︶ | |