ᠮᠠᠨᠢᠬᠠᠨ ᠰᠢᠶᠠᠩ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠥᠷᠨᠢᠭᠦᠯᠵᠦ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ︽ᠨᠢᠭᠡᠳᠦᠭᠡᠷ ᠪᠣᠭᠤᠮᠲᠠ︾ ᠶᠢ ᠴᠢᠩᠭ᠎ᠠ ᠠᠳᠬᠤᠨ᠎ᠠ
ᠨᠡᠶᠢᠲᠡᠯᠡᠭᠰᠡᠨ ᠴᠠᠭ᠄
2025/2/26
   ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠮᠠᠨᠢᠬᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠲᠣᠤᠷ ᠲᠠᠲᠠᠬᠤ ᠬᠡᠯᠪᠡᠷᠢ ᠶᠢᠨ ᠪᠠᠶᠢᠴᠠᠭᠠᠯᠲᠠ ᠬᠢᠵᠦ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠦᠢᠯᠡᠳᠴᠦ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠪᠤᠷ ᠤᠨ ᠲᠠᠷᠢᠶᠠᠯᠠᠭ᠎ᠠ ᠶᠢᠨ  ᠦᠢᠯᠡᠳᠪᠦᠷᠢᠯᠡᠯ ᠢ  ᠪᠠᠲᠤᠯᠠᠨ᠎ᠠ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠳᠣᠤᠷᠠᠬᠢ ᠬᠡᠳᠦᠨ ᠲᠠᠯ᠎ᠠ ᠪᠠᠷ ᠭᠤᠤᠯᠳᠠᠯᠭ᠎ᠠ ᠲᠠᠢ  ᠦᠷᠨᠢᠭᠦᠯᠪᠡ᠄    ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠬᠡᠮ ᠢ ᠴᠢᠩᠭ᠎ᠠ ᠪᠠᠶᠢᠴᠠᠭᠠᠬᠤ᠄ ᠬᠠᠷᠢᠶᠠᠲᠤ ᠣᠷᠣᠨ ᠤ ᠳᠣᠲᠣᠷᠠᠬᠢ ᠪᠣᠶ ᠪᠥᠬᠦᠶ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠤᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠡᠵᠡᠩᠨᠡᠯᠲᠡ ᠶᠢᠨ ᠦᠨᠡᠮᠯᠡᠯ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠦᠨᠡᠮᠯᠡᠯ ᠨᠢ ᠪᠦᠷᠢᠨ ᠪᠦᠲᠦᠨ ᠬᠦᠴᠦᠨ ᠲᠠᠢ ᠪᠠᠶᠢᠬᠤ ᠡᠰᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ᠂ ᠭᠡᠷᠡᠴᠢ ᠦᠨᠡᠮᠯᠡᠯ ᠦᠭᠡᠢ ᠪᠠᠷ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃    ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ  ᠠᠳᠬᠤᠬᠤ᠄ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠬᠠᠪᠤᠷ ᠤᠨ ᠲᠠᠷᠢᠶᠠᠯᠠᠭ᠎ᠠ ᠶᠢᠨ ᠵᠠᠪᠠᠯ ᠪᠡᠯᠡᠳᠬᠡᠬᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢᠶᠠᠷ ᠭᠤᠤᠯᠳᠠᠯᠭ᠎ᠠ ᠪᠣᠯᠭᠠᠵᠤ᠂  ᠦᠢᠯᠡᠳᠬᠦᠨ ᠤ ᠪᠣᠭᠤᠳᠠᠯ ᠤᠨ ᠲᠡᠮᠳᠡᠭ ᠨᠢ ᠵᠢᠷᠤᠮᠵᠢᠯ ᠲᠠᠢ ᠪᠠᠶᠢᠬᠤ ᠡᠰᠡᠬᠦ᠂ ᠬᠤᠳᠠᠯ ᠬᠠᠭᠤᠷᠮᠠᠭ ᠤᠬᠠᠭᠤᠯᠭ᠎ᠠ᠂ ᠬᠠᠭᠤᠷᠮᠠᠭ ᠶᠠᠭᠤᠮ᠎ᠠ ᠬᠤᠯᠢᠬᠤ᠂ ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠭᠴᠢᠳ ᠢ  ᠱᠠᠯᠠᠪᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠢᠷᠡᠯᠲᠡ ᠶᠢ ᠨᠡᠬᠡᠮᠵᠢᠯᠡᠵᠦ ᠪᠣᠯᠬᠤ ᠶᠢ ᠦᠨᠡᠨᠬᠦ  ᠪᠠᠲᠤᠯᠠᠨ᠎ᠠ᠃    ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ  ᠦᠭᠬᠦ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠦᠨ᠎ᠡ ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠲᠦᠷᠭᠢᠯᠳᠦᠨ ᠥᠰᠬᠡᠬᠦ᠂ ᠰᠥᠯᠪᠡᠭᠡᠯᠳᠦᠨ ᠦᠨ᠎ᠡ ᠥᠰᠬᠡᠬᠦ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠬᠠᠮᠠᠭᠠᠯᠠᠨ᠎ᠠ᠃    ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ᠄ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠪᠠ ᠲᠠᠷᠢᠶᠠᠴᠢᠨ ᠲᠦᠮᠡᠨ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠪᠠᠷ ᠤᠬᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠢ ᠢᠯᠭᠠᠨ ᠲᠠᠨᠢᠬᠤ ᠮᠡᠳᠡᠯᠭᠡ ᠶᠢ ᠲᠦᠭᠡᠮᠡᠯᠵᠢᠭᠦᠯᠦᠨ᠂ ᠲᠠᠷᠢᠶᠠᠴᠢᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠤᠳᠠᠯᠳᠤᠨ ᠠᠪᠤᠭᠤᠯᠵᠤ᠂ ᠡᠷᠬᠡ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠪᠡ᠃    ᠳᠠᠷᠠᠭᠠᠴᠢ ᠶᠢᠨ ᠠᠯᠬᠤᠮ ᠳᠤ᠂ ᠮᠠᠨᠢᠬᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠠᠮᠠᠭᠠᠯᠠᠬᠤ ᠪᠣᠯᠤᠨ᠎ᠠ᠃    ᠡᠭᠦᠨ ᠤ ᠬᠠᠮᠲᠤ ᠪᠠᠰᠠ ᠥᠷᠭᠡᠨ ᠣᠯᠠᠨ ᠲᠠᠷᠢᠶᠠᠴᠢᠨ ᠨᠠᠶᠢᠵᠠ ᠨᠠᠷ ᠲᠤ  ᠰᠠᠨᠠᠭᠤᠯᠬᠤ ᠨᠢ ᠄     ᠬᠤᠳᠠᠯᠳᠤᠨ ᠠᠪᠬᠤ ᠳᠠᠭᠠᠨ ᠭᠡᠷᠡᠴᠢ ᠦᠨᠡᠮᠯᠡᠯ ᠨᠢ ᠪᠦᠷᠢᠨ ᠭᠦᠢᠴᠡᠳ᠂ ᠢᠲᠡᠭᠡᠯ ᠬᠦᠨᠳᠦ ᠨᠢ ᠰᠠᠶᠢᠨ ᠵᠢᠩᠬᠢᠨᠢ ᠬᠤᠳᠠᠯᠳᠤᠭᠠᠴᠢᠨ ᠢ ᠰᠣᠩᠭᠤᠨ᠎ᠠ᠃    ᠦᠢᠯᠡᠳᠬᠦᠨ ᠤ ᠪᠣᠭᠤᠳᠠᠯ ᠤᠨ ᠲᠡᠮᠳᠡᠭ ᠢ ᠨᠠᠷᠢᠨ ᠪᠠᠶᠢᠴᠠᠭᠠᠨ ᠦᠵᠡᠵᠦ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠠᠩᠬᠠᠷᠤᠨ᠎ᠠ᠃    ᠬᠤᠳᠠᠯᠳᠤᠨ  ᠠᠪᠬᠤ  ᠳᠠᠭᠠᠨ ᠭᠡᠷᠡᠴᠢ ᠪᠠᠷᠢᠮᠲᠠ ᠠᠪᠴᠤ ᠲᠣᠬᠢᠲᠠᠢ ᠬᠠᠳᠠᠭᠠᠯᠠᠵᠤ ᠡᠷᠬᠡ ᠪᠠᠨ ᠬᠠᠮᠠᠭᠠᠯᠠᠨ᠎ᠠ᠃    ᠬᠡᠷᠪᠡ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠣᠯᠵᠤ ᠮᠡᠳᠡᠪᠡᠯ ᠴᠠᠭ ᠲᠤᠬᠠᠢ ᠳᠤᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号