| ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠥᠷᠭᠡᠨ ᠣᠯᠠᠨ ᠪᠠᠭᠰᠢ | ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ | ᠭᠤᠷᠪᠠᠨᠬᠤᠸᠠ ᠪᠠᠯᠭᠠᠰᠤ ᠢᠳᠡᠪᠬᠢᠲᠡᠶ ᠬᠥᠳᠡᠯᠦᠯᠴᠡᠵᠦ᠂ ᠰᠤᠷᠤᠯᠭ᠎ᠠ ᠡᠬᠢᠯᠡᠬᠦ ᠤᠯᠠᠷᠢᠯ ᠤᠨ ᠢᠳᠡᠭᠡᠨ ᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ | ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠪᠠᠭᠰᠢ ᠰᠤᠷᠤᠭᠴᠢᠳ ᠲᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠪᠠ᠃ | ᠭᠤᠷᠪᠠᠨᠬᠤᠸᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠰᠤᠷᠭᠠᠭᠤᠯᠢ ᠶᠢᠨ | ᠬᠤᠭᠤᠯᠠᠨ ᠭᠡᠷ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠶᠢ | ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠴᠡᠭ ᠢ ᠨᠢᠭᠡ ᠶᠢ ᠴᠤ ᠣᠷᠬᠢᠭᠳᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠵᠤ᠂ ᠪᠠᠭᠰᠢ ᠰᠤᠷᠤᠭᠴᠢᠳ ᠤᠨ | ᠬᠤᠭᠤᠯᠠ ᠢᠳᠡᠬᠦ ᠣᠷᠴᠢᠨ ᠲᠣᠭᠤᠷᠢᠨ ᠤ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠪᠠᠲᠤᠯᠠᠨ᠎ᠠ᠃ | ᠰᠤᠷᠭᠠᠭᠤᠯᠢ ᠶᠢᠨ ᠬᠤᠭᠤᠯᠠᠨ ᠬᠡᠷ ᠲᠤ᠂ ᠭᠤᠤᠯᠳᠠᠭᠤ ᠢᠳᠡᠭᠡᠨ ᠤ ᠡᠵᠡᠩᠨᠡᠯᠲᠡ ᠶᠢᠨ ᠬᠢᠷᠢ ᠬᠡᠮ᠂ ᠢᠳᠡᠭᠡᠨ ᠤ | ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠦᠨ ᠦᠢᠯᠡᠳᠬᠦ ᠶᠠᠪᠤᠴᠠ᠂ ᠢᠳᠡᠭᠡᠨ | ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠠᠵᠢᠯᠯᠠᠵᠤ ᠪᠠᠶᠢᠭ᠎ᠠ ᠬᠦᠮᠦᠰ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠨᠠᠷᠢᠨ ᠪᠠᠶᠢᠴᠠᠭᠠᠯᠲᠠ | ᠬᠢᠪᠠ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠡᠵᠡᠩᠨᠡᠯᠲᠡ ᠶᠢᠨ ᠨᠢᠭᠡᠴᠡ ᠳᠤ | ᠴᠢᠭᠯᠡᠭᠦᠯᠦᠨ᠂ ︽ᠭᠤᠷᠪᠠ ᠥᠬᠡᠶ︾ ᠢᠳᠡᠭᠡᠨ᠂ ᠬᠤᠭᠤᠴᠠᠭ᠎ᠠ ᠬᠡᠲᠦᠷᠡᠭᠰᠡᠨ ᠢᠳᠡᠭᠡᠨ ᠵᠢᠴᠢ ᠬᠠᠭᠤᠷᠮᠠᠭ ᠮᠠᠭᠤ | ᠢᠳᠡᠭᠡᠨ ᠪᠣᠷᠣᠯᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ | ᠪᠠᠶᠢᠴᠠᠭᠠᠵᠤ᠂ ᠢᠳᠡᠭᠡᠨ ᠤ ᠡᠵᠡᠩᠨᠡᠯᠲᠡ ᠶᠢᠨ ᠨᠢᠭᠡᠴᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠪᠠᠶᠢᠳᠠᠯ ᠢ ᠪᠠᠶᠢᠴᠠᠭᠠᠨ ᠦᠵᠡᠪᠡ᠃ | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠢ ᠴᠢᠩᠭ᠎ᠠ ᠬᠡᠷᠡᠭᠵᠢᠭᠦᠯᠬᠦ ᠪᠠ | ᠤᠬᠠᠭᠤᠯᠭ᠎ᠠ ᠬᠥᠮᠦᠵᠢᠯ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠢᠳᠡᠭᠡᠨ ᠤ ᠡᠵᠡᠩᠨᠡᠯᠲᠡ ᠶᠢᠨ | ᠠᠵᠢᠯᠯᠠᠭᠰᠠᠳ ᠲᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ | ᠲᠦᠭᠡᠮᠡᠯᠵᠢᠭᠦᠯᠵᠦ᠂ ᠢᠳᠡᠭᠡᠨ ᠤ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠨ᠂ ᠲᠡᠳᠡᠨ ᠢ ᠢᠳᠡᠭᠡᠨ ᠤ | ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠪᠠᠨ ᠦᠨᠡᠨ ᠬᠦ ᠭᠦᠢᠴᠡᠳᠬᠡᠵᠦ᠂ ᠡᠵᠡᠩᠨᠡᠯᠲᠡ ᠶᠢᠨ | ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠣᠯᠵᠤ ᠮᠡᠳᠡᠭᠰᠡᠨ ᠢᠳᠡᠭᠡᠨ ᠤ ᠠᠮᠤᠷ | ᠲᠦᠪᠰᠢᠨ ᠤ ᠠᠰᠠᠭᠤᠳᠠᠯ ᠳᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ | ᠰᠠᠨᠠᠯ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠲᠡᠷᠡ ᠳᠠᠷᠤᠶ ᠳᠤᠨᠢ | ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠱᠠᠭᠠᠷᠳᠠᠵᠤ᠂ ᠡᠵᠡᠩᠨᠡᠭᠴᠢ ᠶᠢ ᠱᠠᠯᠠᠪᠳᠠᠭᠤᠯᠵᠤ ᠪᠠᠶᠢᠭᠠᠳ | ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ | ᠡᠵᠡᠩᠨᠡᠯᠲᠡ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠲᠣᠰ ᠤᠳᠠᠭᠠᠨ ᠤ ᠰᠤᠷᠭᠠᠭᠤᠯᠢ ᠡᠬᠢᠯᠡᠬᠦ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠶ | ᠪᠠᠶᠢᠴᠠᠭᠠᠯᠲᠠ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ | ᠡᠵᠡᠩᠨᠡᠯᠲᠡ ᠶᠢᠨ ᠡᠮᠬᠢ ᠳᠢᠭᠯᠢᠮ ᠢ ᠪᠦᠲᠦᠮᠵᠢᠲᠡᠶ ᠵᠢᠷᠤᠮᠵᠢᠭᠤᠯᠵᠤ᠂ ᠢᠳᠡᠭᠡᠨ ᠤ ᠡᠵᠡᠩᠨᠡᠯᠲᠡ ᠶᠢᠨ | ᠠᠵᠢᠯᠯᠠᠭᠰᠠᠳ ᠲᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠨᠡᠮᠡᠭᠳᠡᠭᠦᠯᠪᠡ᠃ | ᠲᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ | ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ︽ᠪᠤᠴᠠᠵᠤ ᠪᠠᠶᠢᠴᠠᠭᠠᠨ ᠦᠵᠡᠬᠦ︾ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠪᠠᠭᠰᠢ | ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠲᠤ | ᠠᠮᠤᠷ ᠲᠦᠪᠰᠢᠨ ᠪᠥᠭᠡᠳ ᠰᠠᠨᠠᠭ᠎ᠠ ᠠᠮᠤᠷ ᠰᠤᠷᠤᠯᠴᠠᠬᠤ ᠪᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ | ᠥᠭᠭᠦᠨ᠎ᠡ᠃ |