| 2 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 86 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ︽ | ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠬᠦᠯᠬᠦ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠳᠠᠷᠠᠭᠠᠴᠢ ᠶᠢᠨ ᠱᠠᠲᠤᠨ ᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠵᠠᠬ᠎ᠠ ᠳᠡᠯᠭᠡᠭᠦᠷ ᠢ ᠡᠷᠢᠵᠦ᠂ ᠠᠷᠭ᠎ᠠ ᠵᠠᠮ ᠢ ᠥᠷᠭᠡᠳᠬᠡᠵᠦ᠂ | ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠪᠡᠯᠡ ᠲᠣᠬᠢᠷᠠᠭᠤᠯᠭ᠎ᠠ ᠶᠢᠨ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ | ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠᠷ ᠭᠤᠣᠯ ᠪᠣᠯᠭᠠᠬᠤ᠂ ᠡᠯ᠎ᠡ ᠲᠦᠷᠦᠯ ᠤᠨ ᠬᠢᠨᠠᠯᠲᠠ ᠶᠢ | ᠨᠡᠪᠲᠡᠷᠡᠯᠴᠡᠭᠦᠯᠦᠨ ᠵᠣᠬᠢᠴᠠᠭᠤᠯᠤᠭᠰᠠᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠤᠪᠴᠢᠲᠠᠢ ᠪᠣᠯᠭᠠᠬᠤ᠂ ᠪᠠᠶᠢᠩᠭᠤᠵᠢᠭᠤᠯᠬᠤ ᠶᠢ | ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ | ᠪᠣᠳᠠᠲᠠᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠬᠡᠷᠡᠭᠲᠡᠢ᠃ ᠤᠯᠠᠨ ᠠᠷᠭ᠎ᠠ ᠵᠠᠮ ᠢᠶᠠᠷ ᠺᠠᠳ᠋ᠷ ᠤᠨ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠣᠨ ᠤ ᠲᠥᠯᠥᠪᠯᠡᠭᠡ ᠶᠢ ᠯᠠᠪᠳᠠᠭᠤᠨ ᠪᠠᠲᠤᠲᠠᠶ | ᠠᠬᠢᠭᠤᠯᠬᠤ ᠪᠠᠷ ᠭᠠᠷᠳᠠᠴᠠ ᠪᠣᠯᠭᠠᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠬᠡᠬᠦ ᠶᠢ ᠬᠥᠲᠥᠯᠦᠨ ᠵᠢᠯᠣᠭᠤᠳᠴᠤ᠂ | ᠰᠠᠨᠠᠭᠠᠴᠢᠯᠠᠭ᠎ᠠ ᠠᠴᠠ ᠪᠠᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡᠨ ᠢ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠤᠳᠤᠯᠵᠤ᠂ ᠥᠷᠭᠡᠨ ᠢᠶᠠᠷ ᠰᠢᠩᠭᠡᠭᠡᠨ ᠠᠪᠴᠤ᠂ ᠵᠥᠪᠯᠡᠯᠭᠡᠨ ᠤ ᠦᠷ᠎ᠡ ᠪᠦᠲᠦᠭᠡᠯ ᠢ ᠪᠣᠳᠠᠲᠠᠢ ᠳᠤ | ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠯᠠᠪᠳᠠᠭᠤᠨ ᠢᠶᠠᠷ | ᠰᠠᠶᠢᠲᠤᠷ ᠬᠢᠵᠦ᠂ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠲᠦᠷᠦᠯ | ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠵᠢᠯᠤᠭᠤᠳᠤᠯᠭ᠎ᠠ ᠶᠢ ᠴᠢᠬᠤᠯᠠᠴᠢᠯᠠᠵᠤ᠂ ᠨᠠᠷᠢᠨ ᠲᠠᠩᠰᠠ ᠶᠢ | ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠶᠢ ᠪᠠᠲᠤᠯᠠᠵᠤ᠂ ᠠᠵᠢᠯ ᠶᠠᠪᠤᠳᠠᠯ ᠤᠨ ᠡᠷᠬᠡ ᠲᠣᠳᠣᠷᠬᠠᠢ᠂ | ᠬᠠᠷᠢᠭᠤᠴᠠᠯᠭ᠎ᠠ ᠵᠣᠬᠢᠴᠠᠩᠭᠤᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠯᠤᠭᠤᠨ᠂ ᠪᠠᠲᠤᠯᠠᠭ᠎ᠠ | ᠬᠦᠴᠦᠲᠡᠢ ᠡᠷᠬᠡ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ | ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ / ᠸᠠᠩ ᠾᠧ ᠨᠠᠨ︶ |