| ᠠᠤᠬᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ | 2025 ᠣᠨ ᠤ 1 ᠰᠠᠷ᠎ᠠ ᠶᠢᠨ 22 ᠤᠨ ᠡᠳᠦᠷ ᠠᠤᠬᠠᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠵᠢᠷᠭᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ ᠪᠠᠲᠤᠯᠠᠪᠠ | ᠠᠤᠬᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠤᠳᠠᠭᠠᠨ ᠤ ᠬᠤᠷᠠᠯᠳᠤᠭᠠᠨ ᠠᠴᠠ ᠳᠣᠭᠲᠠᠭᠠᠭᠰᠠᠨ | ᠨᠢ ᠄ ᠠᠤᠬᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠢ 2025 ᠣᠨ ᠤ 2 ᠰᠠᠷ᠎ᠠ ᠶᠢᠨ 10 ᠤ ᠡᠳᠦᠷ ᠰᠢᠨ | ᠾᠦᠢ ᠳᠤ ᠬᠤᠷᠠᠯᠳᠤᠭᠤᠯᠵᠤ᠂ ᠬᠤᠷᠠᠯ ᠤᠨ ᠬᠤᠭᠤᠴᠠᠭ᠎ᠠ ᠨᠢ ᠬᠤᠶᠠᠷ ᠡᠳᠦᠷ ᠪᠣᠯᠤᠨ᠎ᠠ᠃ ᠬᠤᠷᠠᠯ ᠤᠨ ᠭᠤᠣᠯ | ᠵᠥᠪᠯᠡᠬᠦ ᠵᠦᠢᠯ ᠪᠣᠯ᠄ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠨ᠎ᠡ︔ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠤᠬᠠᠨ | ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠦᠰᠦᠯ ᠤᠨ ᠲᠣᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠵᠤ᠂ | ᠠᠣᠬᠠᠨ ᠬᠤᠰᠢᠭᠤᠨ ᠤ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ | ᠲᠦᠯᠦᠪᠯᠡᠭᠡ ᠶᠢ ᠵᠦᠪᠰᠢᠶᠡᠷᠡᠨ᠎ᠡ ︔ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠤᠬᠠᠨ | ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2025 ᠣᠨ ᠤ | ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ᠂ ᠠᠤᠬᠠᠨ ᠬᠤᠰᠢᠭᠤᠨ ᠤ | 2025 ᠣᠨ ᠤ ᠡᠳ᠋ ᠤᠨ ᠵᠠᠰᠠᠭ ᠤᠨ ᠲᠥᠰᠦᠪ ᠢ ᠵᠥᠪᠰᠢᠶᠡᠷᠡᠨ᠎ᠡ︔ ᠠᠤᠬᠠᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠠ | ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠡᠪᠤᠳᠠᠯ ᠤᠨ ᠲᠦᠷᠦᠯ ᠵᠦᠢᠯ ᠢ ᠪᠢᠯᠧᠲ ᠢᠶᠠᠷ ᠳᠣᠭᠲᠠᠭᠠᠬᠤ ᠶᠢ ᠰᠢᠯᠭᠠᠨ ᠦᠨᠡᠯᠡᠨ᠎ᠡ︔ ᠠᠣᠬᠠᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠨ᠎ᠡ︔ ᠠᠣᠬᠠᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ | ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ︔ ᠠᠤᠬᠠᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠠᠤᠬᠠᠨ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠠᠤᠬᠠᠨ ᠬᠤᠰᠢᠭᠤᠨ ᠤ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢ ᠨᠥᠬᠦᠨ ᠰᠣᠩᠭᠤᠨ᠎ᠠ᠃ |