ᠶᠢᠨ ᠴᠠᠩ ᠭᠸᠦ ᠯᠢᠶᠠᠩ ᠪᠠᠯᠭᠠᠰᠤ᠄ ︽ᠰᠠᠯᠠᠭ᠎ᠠ ᠮᠥᠴᠢᠷ ᠬᠠᠮᠲᠤᠷᠠᠨ + ᠬᠠᠭᠤᠷᠠᠶ ᠵᠠᠮ ᠠᠭᠠᠷ ᠤᠨ ᠰᠡᠷᠭᠡᠶᠢᠯᠡᠯᠲᠡ ᠶᠢᠨ ᠬᠠᠮᠵᠢᠯᠴᠠᠭ᠎ᠠ︾ ᠶᠢᠨ ᠵᠠᠭᠪᠤᠷ ᠲᠤ ᠰᠢᠨ᠎ᠡ ᠶᠢ ᠡᠭᠦᠳᠴᠦ ᠣᠶ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/3/11
        ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠶᠢᠨ ᠴᠠᠩ ᠭᠧᠤ ᠯᠢᠶᠠᠩ ᠪᠠᠯᠭᠠᠰᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠣᠯᠠᠨ ᠰᠠᠯᠠᠭ᠎ᠠ ᠮᠥᠴᠢᠷ ᠬᠠᠮᠲᠤᠷᠠᠨ + ᠨᠡᠭᠦᠳᠡᠯ ᠤᠬᠠᠭᠤᠯᠭ᠎ᠠ ᠶᠢᠨ ᠲᠡᠷᠭᠡ + ᠵᠢᠯᠣᠭᠤᠴᠢ ᠥᠬᠡᠶ ᠨᠢᠰᠬᠡᠯ︾ ᠤᠨ ᠪᠣᠰᠤᠭ᠎ᠠ ᠴᠣᠭᠴᠠᠲᠤ ᠣᠶ ᠰᠢᠭᠤᠶ ᠬᠠᠮᠠᠭᠠᠯᠠᠬᠤ ᠭᠠᠯ ᠰᠡᠷᠭᠡᠶᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠪᠠᠯᠭᠠᠰᠤᠨ ᠤ ᠣᠶ ᠰᠢᠭᠤᠶ ᠶᠢᠨ ᠥᠷᠲᠡᠭᠡ᠂ ᠲᠣᠮᠢᠯᠠᠭᠰᠠᠨ ᠰᠠᠯᠪᠤᠷᠢ᠂ ᠣᠶ ᠰᠢᠭᠤᠶ ᠬᠠᠮᠠᠭᠠᠯᠠᠭᠴᠢ ᠶᠢᠨ ᠡᠩᠨᠡᠭᠡ ᠵᠡᠷᠭᠡ ᠣᠯᠠᠨ ᠲᠠᠯ᠎ᠠ ᠶᠢᠨ ᠬᠦᠴᠦᠨ ᠬᠠᠮᠵᠢᠯᠴᠠᠨ ᠪᠠᠶᠢᠯᠳᠤᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠨᠡᠭᠦᠳᠡᠯ ᠤᠬᠠᠭᠤᠯᠭ᠎ᠠ ᠶᠢᠨ ᠲᠡᠷᠭᠡ ᠨᠢ  ᠶᠢᠨ ᠴᠠᠩ ᠭᠧᠤ ᠯᠢᠶᠠᠩ ᠪᠠᠯᠭᠠᠰᠤᠨ ᠤ ᠭᠤᠣᠯ ᠵᠡᠭᠡᠯᠢ ᠭᠤᠳᠤᠮᠵᠢ᠂ ᠲᠣᠰᠬᠤᠨ᠂ ᠲᠠᠷᠢᠶᠠᠨ ᠭᠠᠵᠠᠷ ᠢᠶᠠᠷ ᠰᠦᠯᠵᠢᠯᠳᠦᠵᠦ᠂ ᠠᠤᠬᠠᠨ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠯᠡᠯᠲᠡ ᠶᠢᠨ ᠵᠠᠷᠯᠢᠭ ᠢ ᠲᠠᠬᠢᠨ ᠨᠡᠪᠲᠡᠷᠡᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠳᠠᠭᠤᠨ ᠢ ᠥᠨᠴᠥᠭ ᠪᠤᠯᠤᠩ ᠪᠣᠯᠭᠠᠨ ᠳᠤ ᠳᠠᠮᠵᠢᠭᠤᠯᠤᠨ᠎ᠠ᠃ ᠪᠠᠯᠭᠠᠰᠤᠨ ᠤ ᠲᠣᠮᠢᠯᠠᠭᠰᠠᠨ ᠰᠠᠯᠪᠤᠷᠢ ᠵᠢᠯᠣᠭᠤᠴᠢ ᠥᠬᠡᠶ ᠨᠢᠰᠬᠡᠯ ᠬᠥᠳᠡᠯᠭᠡᠵᠦ᠂ ᠠᠭᠠᠷ ᠢᠶᠠᠷ ᠲᠣᠭᠤᠷᠢᠨ ᠪᠠᠶᠢᠴᠠᠭᠠᠵᠤ᠂ ᠭᠠᠯ ᠤᠨ ᠪᠠᠶᠢᠳᠠᠯ ᠤᠨ ᠳᠠᠯᠳᠠ ᠬᠡᠮ ᠢ ᠴᠠᠭ ᠲᠤᠬᠠᠶ ᠳᠤᠨᠢ ᠬᠢᠨᠠᠨ ᠬᠡᠮᠵᠢᠨ᠎ᠡ᠃ ︽ᠠᠭᠠᠷ ᠳᠡᠭᠡᠷ᠎ᠡ +ᠭᠠᠵᠠᠷ ᠳᠡᠭᠡᠷ᠎ᠡ︾ ᠶᠢᠨ ᠪᠣᠰᠤᠭ᠎ᠠ ᠴᠣᠭᠴᠠᠲᠤ ᠴᠠᠭᠳᠠᠨ ᠪᠠᠶᠢᠴᠠᠭᠠᠬᠤ ᠵᠠᠭᠪᠤᠷ ᠢᠶᠠᠷ ᠳᠠᠮᠵᠢᠭᠤᠯᠤᠨ᠂ ᠭᠠᠯ ᠰᠡᠷᠭᠡᠶᠢᠯᠡᠬᠦ ᠬᠢᠨᠠᠨ ᠬᠡᠮᠵᠢᠬᠦ ᠴᠢᠩᠭ᠎ᠠ ᠨᠢᠮᠪᠠᠶ ᠲᠣᠤᠷ ᠰᠦᠯᠵᠢᠶ᠎ᠡ ᠶᠢ ᠪᠠᠶᠢᠭᠤᠯᠵᠤ᠂ ᠭᠠᠯ ᠰᠡᠷᠭᠡᠶᠢᠯᠡᠬᠦ ᠤᠬᠠᠭᠤᠯᠭ᠎ᠠ ᠪᠠ ᠭᠠᠯ ᠤᠨ ᠪᠠᠶᠢᠳᠠᠯ ᠢ ᠬᠢᠨᠠᠨ ᠬᠡᠮᠵᠢᠬᠦ ᠶᠢ ᠨᠡᠶᠢᠳᠡᠮ ᠪᠦᠷᠬᠦᠭᠦᠯᠵᠦ᠂ ᠪᠠᠯᠠᠶ ᠣᠷᠣᠨ ᠥᠬᠡᠶ ᠪᠣᠯᠭᠠᠬᠤ ᠶᠢ ᠦᠨᠡᠨ ᠬᠦ ᠪᠠᠲᠤᠯᠠᠪᠠ᠃    ᠪᠠᠯᠭᠠᠰᠤᠨ ᠤ ᠵᠠᠰᠠᠭ ᠤᠨ ᠣᠷᠳᠣᠨ ᠬᠠᠭᠠᠰ ᠲᠤᠰᠬᠠᠶ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠯ ᠰᠡᠷᠭᠡᠶᠢᠯᠡᠬᠦ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠩᠨᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠵᠠᠩᠭᠢᠯᠠᠭ᠎ᠠ ᠶᠢᠨ ᠭᠤᠭᠴᠤᠭ᠎ᠠ᠂ ᠭᠤᠤᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠤᠰᠬᠠᠶ ᠬᠥᠮᠦᠨ ᠴᠡᠷᠢᠭ ᠬᠤᠪᠢᠶᠠᠨ ᠰᠠᠬᠢᠭᠤᠯᠵᠤ᠂ ᠬᠡᠷᠪᠡ ᠭᠠᠯ ᠭᠠᠷᠪᠠᠯ ᠳᠠᠷᠤᠶ ᠲᠦᠷᠭᠡᠨ ᠲᠤᠰᠬᠠᠯ ᠭᠠᠷᠭᠠᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠴᠠᠭ ᠲᠤᠬᠠᠶ ᠳᠤᠨᠢ  ᠰᠢᠢᠳᠪᠦᠷᠢᠯᠡᠵᠦ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ  ᠪᠠᠭᠠᠰᠬᠠᠬᠤ ᠬᠡᠷᠡᠭᠲᠡᠢ᠃    ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ᠃  ᠶᠢᠨ ᠴᠠᠩ ᠭᠧᠤ ᠯᠢᠶᠠᠩ ᠪᠠᠯᠭᠠᠰᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠵᠦᠢᠯ ᠤᠨ ᠬᠡᠯᠪᠡᠷᠢ ᠪᠠᠷ ᠭᠠᠯ ᠰᠡᠷᠭᠡᠶᠢᠯᠡᠬᠦ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠣᠷᠣᠨ ᠪᠦᠰᠡ ᠪᠣᠯᠤᠨ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠭᠠᠯ ᠤᠨ ᠭᠠᠮᠰᠢᠭ ᠤᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ  ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号