ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠣᠶᠤᠨᠴᠢ ᠰᠡᠷᠭᠡᠶᠢᠯᠡᠯᠲᠡ ᠶᠢᠨ ᠱᠤᠭᠤᠮ︾ ᠢᠶᠠᠷ ᠠᠤᠬᠠᠨ ᠬᠤᠰᠢᠭᠤᠨ ᠤ ᠭᠠᠵᠠᠷ ᠳᠣᠣᠷᠠᠬᠢ ᠤᠷᠤᠰᠤᠩᠭᠢ ᠴᠣᠭᠴᠠ ᠶᠢ ᠬᠢᠨᠠᠨ ᠬᠡᠮᠵᠢᠬᠦ ᠲᠥᠬᠦᠭᠡᠷᠦᠮᠵᠢ ᠶᠢ ᠳᠠᠬᠢᠨ ᠳᠠᠪᠲᠠᠨ ᠳᠡᠰ ᠳᠡᠪᠰᠢᠭᠦᠯᠪᠡ
ᠨᠡᠶᠢᠲᠡᠯᠡᠭᠰᠡᠨ ᠴᠠᠭ᠄
2025/3/11
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠦᠨᠳᠦ ᠭᠠᠮᠰᠢᠭ ᠢ ᠰᠡᠷᠭᠡᠶᠢᠯᠡᠬᠦ ᠢᠨᠵᠧᠨᠧᠷᠢᠩ ᠤᠨ ᠲᠥᠷᠥᠯ ᠵᠦᠢᠯ ᠤᠨ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 6 ᠤ ᠡᠳᠦᠷ᠂ ᠠᠤᠬᠠᠨ ᠬᠤᠰᠢᠭᠤᠨ ᠤ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠯᠠᠭᠠᠨᠬᠠᠳᠠ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠨ ᠬᠢᠨᠠᠨ ᠬᠡᠮᠵᠢᠵᠦ ᠪᠦᠷᠢᠳᠬᠡᠬᠦ ᠰᠠᠯᠠᠭᠠᠨ ᠤ ᠵᠠᠩ ᠶᠠᠨ ᠴᠢᠨ ᠰᠠᠯᠠᠭᠠᠨ ᠳᠠᠷᠤᠭ᠎ᠠ ᠵᠢᠴᠢ ᠵᠥᠩ ᠺᠧ ᠭᠤᠸᠠᠩ ᠳ᠋ᠠ ᠺᠣᠮᠫᠠᠨᠢ ᠶᠢᠨ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠳᠤ ᠪᠠᠷ᠎ᠠ ᠪᠣᠯᠵᠤ᠂ ᠠᠤᠬᠠᠨ ᠬᠤᠰᠢᠭᠤᠨ ᠤ ᠳ᠋ᠠ ᠳ᠋ᠢᠶᠠᠨᠽᠢ ᠶᠢᠨ ᠤᠰᠤᠨ ᠲᠦᠪᠰᠢᠨ ᠢ ᠠᠵᠢᠭᠯᠠᠬᠤ ᠥᠷᠲᠡᠭᠡ ᠳᠤ ᠲᠣᠭᠠᠴᠢᠯᠠᠭᠰᠠᠨ ᠭᠠᠵᠠᠷ ᠳᠣᠣᠷᠠᠬᠢ ᠤᠷᠤᠰᠤᠩᠭᠢ ᠴᠣᠭᠴᠠ ᠶᠢ ᠬᠢᠨᠠᠨ ᠬᠡᠮᠵᠢᠬᠦ ᠲᠥᠬᠦᠭᠡᠷᠦᠮᠵᠢ ᠶᠢ ᠰᠢᠨᠡᠳᠬᠡᠬᠦ ᠪᠠ ᠲᠣᠬᠢᠷᠠᠭᠤᠯᠤᠨ ᠲᠤᠷᠰᠢᠪᠠ᠃    ᠲᠣᠰ ᠤᠳᠠᠭ᠎ᠠ ᠤᠭᠰᠠᠷᠠᠭᠰᠠᠨ ᠲᠣᠭᠠᠴᠢᠯᠠᠭᠰᠠᠨ ᠭᠠᠵᠠᠷ ᠳᠣᠤᠷᠠᠬᠢ ᠤᠷᠤᠰᠤᠩᠭᠢ ᠪᠡᠶ᠎ᠡ ᠶᠢ ᠬᠢᠨᠠᠨ ᠬᠡᠮᠵᠢᠬᠦ ᠲᠥᠬᠦᠭᠡᠷᠦᠮᠵᠢ ᠪᠣᠯ ᠨᠢᠭᠡ ᠵᠦᠢᠯ ᠤᠨ ᠣᠲᠣ ᠦᠶ᠎ᠡ ᠶᠢᠨ ᠰᠡᠷᠡᠯ ᠳᠠᠮᠵᠢᠭᠤᠯᠤᠭᠴᠢ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ ᠶᠢᠨ ᠵᠠᠳᠠᠯᠤᠯᠲᠠ ᠪᠠ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠢ ᠠᠰᠢᠭᠯᠠᠨ᠂ ᠭᠠᠵᠠᠷ ᠳᠣᠤᠷᠠᠬᠢ ᠤᠷᠤᠰᠤᠩᠭᠢ ᠴᠤᠭᠴᠠ ᠶᠢ ᠴᠠᠭ ᠲᠤᠬᠠᠶ ᠳᠤᠨᠢ ᠬᠢᠨᠠᠨ ᠬᠡᠮᠵᠢᠬᠦ᠂ ᠲᠤᠭ᠎ᠠ ᠪᠠᠷᠢᠮᠲᠠ ᠶᠢ ᠴᠤᠭᠯᠠᠭᠤᠯᠬᠤ ᠪᠠ ᠵᠠᠳᠠᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠪᠣᠯᠤᠨ᠎ᠠ᠃ ᠭᠠᠵᠠᠷ ᠬᠥᠳᠡᠯᠦᠯᠲᠡ ᠶᠢ ᠠᠵᠢᠭᠯᠠᠬᠤ ᠬᠤᠳᠳᠤᠭ ᠤᠨ ᠤᠰᠤᠨ ᠲᠦᠪᠰᠢᠨ ᠪᠤᠶᠤ ᠤᠰᠤᠨ ᠤ ᠳᠤᠯᠠᠭᠠᠨ ᠤ ᠲᠤᠭ᠎ᠠ ᠪᠠᠷᠢᠮᠲᠠ ᠶᠢ ᠲᠤᠰᠠᠭᠠᠷ ᠬᠢᠨᠠᠨ ᠬᠡᠮᠵᠢᠵᠦ ᠪᠣᠯᠬᠤ ᠮᠥᠷᠲᠡᠭᠡᠨ ᠭᠠᠵᠠᠷ ᠬᠥᠳᠡᠯᠦᠯᠲᠡ ᠶᠢ ᠠᠵᠢᠭᠯᠠᠨ ᠬᠡᠮᠵᠢᠬᠦ ᠬᠤᠳᠳᠤᠭ ᠤᠨ ᠤᠰᠤᠨ ᠲᠦᠪᠰᠢᠨ᠂ ᠠᠭᠠᠷ ᠤᠨ ᠳᠠᠷᠤᠯᠲᠠ ᠪᠠ ᠤᠰᠤᠨ ᠤ ᠳᠤᠯᠠᠭᠠᠨ ᠵᠡᠷᠭᠡ ᠣᠯᠠᠨ ᠲᠥᠷᠥᠯ ᠵᠦᠢᠯ ᠤᠨ ᠬᠡᠮᠵᠢᠯᠲᠡ ᠶᠢᠨ ᠲᠤᠭ᠎ᠠ ᠪᠠᠷᠢᠮᠲᠠ ᠶᠢ ᠴᠦ ᠬᠠᠮᠲᠤ ᠳᠤᠨᠢ ᠬᠢᠨᠠᠨ ᠬᠡᠮᠵᠢᠨ᠎ᠡ᠃    ᠡᠨᠡ ᠬᠦ ᠤᠳᠠᠭ᠎ᠠ ᠳᠠᠷᠠᠭᠠᠯᠠᠨ ᠲᠠᠰ ᠳᠡᠪᠰᠢᠭᠰᠡᠨ ︽ᠭᠠᠵᠠᠷ ᠳᠣᠤᠷᠠᠬᠢ ᠬᠠᠷᠠᠭᠤᠯ ᠴᠡᠷᠢᠭ︾ ᠨᠢ ᠠᠤᠬᠠᠨ ᠬᠤᠰᠢᠭᠤᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠭᠠᠵᠠᠷ ᠬᠥᠳᠡᠯᠦᠯᠲᠡ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠳᠤ ᠨᠠᠩ ᠪᠦᠲᠦᠮᠵᠢᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠲᠡᠭᠦᠨ ᠤ ᠴᠤᠭᠯᠠᠭᠤᠯᠤᠭᠰᠠᠨ ᠳᠡᠭᠡᠳᠦ ᠨᠠᠷᠢᠯᠢᠭ ᠲᠤᠭ᠎ᠠ ᠪᠠᠷᠢᠮᠲᠠ ᠶᠢ ᠤᠯᠤᠰ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠡᠷᠭᠡ ᠪᠠᠷ ᠵᠠᠯᠭᠠᠨ ᠣᠷᠣᠭᠤᠯᠵᠤ᠂ ︽ᠪᠥᠬᠦ ᠤᠯᠤᠰ ᠤᠨ ᠨᠢᠭᠡ ᠬᠥᠯᠭᠡ ᠰᠢᠲᠠᠷ᠎ᠠ︾ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号