ᠪᠥᠬᠦ ᠬᠤᠰᠢᠭᠤᠨ ᠤ 2025 ᠣᠨ ᠤ ᠡᠳ᠋ ᠤᠨ ᠵᠠᠰᠠᠭ ᠭᠠᠶᠢᠯᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/12
          3 ᠰᠠᠷ᠎ᠠ ᠶᠢᠨ 10 ᠤ ᠡᠳᠦᠷ᠂ ᠪᠥᠬᠦ ᠬᠤᠰᠢᠭᠤᠨ ᠤ 2025 ᠣᠨ ᠤ ᠡᠳ᠋ ᠤᠨ ᠵᠠᠰᠠᠭ ᠭᠠᠶᠢᠯᠢ ᠶᠢᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠥᠬᠦ ᠬᠤᠰᠢᠭᠤᠨ ᠤ ᠡᠯ᠎ᠡ ᠨᠢᠭᠡᠳᠦᠭᠡᠷ ᠱᠠᠲᠤᠨ ᠤ ᠲᠥᠰᠦᠪ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ ᠠᠵᠢᠯᠲᠠᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠺᠠᠳ᠋ᠷ ᠬᠤᠷᠠᠯ ᠳᠤ ᠣᠷᠣᠯᠴᠠᠵᠠᠶ᠃
 C:\Users\Administrator\Desktop\1.jpg
   ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠮᠠᠨ ᠤ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠤᠨ᠂ ᠲᠠᠷᠠᠭᠠᠴᠢ ᠶᠢᠨ ᠱᠠᠲᠤᠨ ᠤ ᠡᠭᠦᠷᠭᠡ ᠶᠢ ᠪᠠᠶᠢᠷᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠠᠯᠲᠠ ᠪᠠᠨ ᠲᠣᠳᠣᠷᠬᠠᠶᠢᠯᠠᠵᠤ᠂ ᠪᠥᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠪᠡ᠃    ᠵᠠᠩ ᠴᠢ ᠬᠠᠩ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠰᠢᠰᠲ᠋ᠧᠮ ᠤᠨ ᠬᠢᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡᠯᠡᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ ᠭᠡᠵᠦ ᠵᠢᠭᠠᠨ ᠭᠠᠷᠭᠠᠪᠠ᠃
C:\Users\Administrator\Desktop\2.jpg
    ᠵᠠᠩ ᠴᠢ ᠬᠠᠩ᠂ ᠡᠯ᠎ᠡ ᠰᠠᠯᠠᠭ᠎ᠠ ᠮᠥᠴᠢᠷ ᠨᠢᠭᠡᠴᠡ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠦᠵᠡᠯ ᠰᠠᠨᠠᠭ᠎ᠠ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠤᠰᠢᠭᠤᠨ ᠤ ᠪᠠᠶᠢᠳᠠᠯ ᠲᠠᠢ ᠤᠶᠠᠯᠳᠤᠭᠤᠯᠤᠨ᠂ ᠣᠳᠣᠬᠠᠨ ᠤ ᠡᠳ᠋ ᠤᠨ ᠵᠠᠰᠠᠭ ᠭᠠᠶᠢᠯᠢ ᠶᠢᠨ ᠪᠠᠶᠢᠳᠠᠯ ᠢ ᠨᠠᠷᠢᠨ ᠬᠢᠨᠠᠮᠠᠭᠠᠶ ᠡᠵᠡᠮᠳᠡᠬᠦ ᠬᠡᠷᠡᠭᠲᠡᠶ︔ ᠣᠳᠣᠬᠠᠨ ᠤ ᠪᠠᠶᠢᠳᠠᠯ ᠳᠤ ᠰᠠᠭᠤᠷᠢᠯᠠᠵᠤ᠂ ᠡᠳ᠋ ᠤᠨ ᠵᠠᠰᠠᠭ ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠬᠡᠷᠡᠭᠲᠡᠢ ︔ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠦᠨᠳᠦᠰᠦᠨ ᠠᠷᠠᠳ ᠤᠨ ᠠᠮᠢᠳᠤᠷᠠᠯ᠂ ᠴᠠᠯᠢᠩ᠂ ᠠᠵᠢᠯᠯᠠᠭᠠᠨ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠵᠡᠷᠭᠡ ᠳᠥᠷᠪᠡᠨ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ︔ ᠬᠠᠷᠢᠭᠤ ᠲᠤᠰᠬᠠᠭᠰᠠᠨ ᠰᠠᠨᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠨᠠᠷᠢᠯᠢᠭ ᠣᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠠᠰᠠᠭᠤᠳᠠᠯ ᠢ ᠲᠦᠢᠯᠪᠦᠷᠢᠲᠡᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠳᠤ ᠵᠣᠬᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ︵ᠰᠤᠷᠪᠤᠯᠵᠢᠯᠠᠭᠴᠢ / ᠭᠤᠣ ᠸᠧᠨ ᠲᠤᠤ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号