ᠣᠷᠤᠢ ᠶᠢᠨ ᠰᠦᠮ᠎ᠡ ᠰᠣᠮᠤ᠄ ᠡᠯᠡᠰᠦᠷᠬᠡᠭ ᠭᠠᠵᠠᠷ ᠢ ᠰᠢᠯᠵᠢᠭᠦᠯᠦᠨ ᠣᠷᠣᠯᠭ᠎ᠠ ᠨᠡᠮᠡᠭᠳᠡᠭᠦᠯᠬᠦ ᠶᠢ ᠠᠬᠢᠭᠤᠯᠵᠤ ᠲᠦᠷᠢᠶᠡᠰᠦᠨ ᠮᠥᠩᠭᠦ ᠲᠠᠷᠬᠠᠭᠠᠵᠤ ᠬᠥᠭᠵᠢᠭᠦᠯᠦᠨ ᠮᠠᠨᠳᠤᠭᠤᠯᠬᠤ ᠳᠤ  ᠲᠤᠰᠠᠯᠠᠨ᠎ᠠ
ᠨᠡᠶᠢᠲᠡᠯᠡᠭᠰᠡᠨ ᠴᠠᠭ᠄
2025/3/13
       ᠤᠶᠢᠷ᠎ᠠ ᠳᠤ᠂ ᠪᠠᠶᠠᠨᠪᠤᠯᠠᠭ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷᠴᠤᠳ ᠡᠨᠡ ᠵᠢᠯ ᠤᠨ ᠴᠠᠬᠢᠭᠤᠷ ᠡᠯᠡᠰᠦ ᠮᠠᠩᠬᠠᠨ ᠳᠤ ᠬᠤᠯᠪᠤᠭᠳᠠᠭᠰᠠᠨ278 ᠡᠷᠦᠬᠡ ᠮᠠᠯᠴᠢᠨ ᠲᠠᠷᠢᠶᠠᠴᠢᠨ ᠳᠤ ᠠᠩᠬᠠᠨ ᠤ ᠳᠦᠷᠢᠶᠡᠰᠦᠨ ᠮᠥᠩᠬᠦ ᠣᠯᠭᠤᠬᠤ ᠪᠠᠷ ᠶᠠᠭᠠᠷᠠᠯᠲᠠᠢ ᠠᠵᠢᠯᠯᠠᠨ᠎ᠠ ᠃ ᠣᠯᠠᠨ ᠢᠶᠠᠷ ᠢᠶᠠᠨ ᠠᠵᠢᠯᠲᠠᠨ ᠤ ᠵᠢᠯᠣᠭᠤᠳᠣᠯᠭ᠎ᠠ ᠳᠣᠤᠷ᠎ᠠ ᠲᠠᠩᠰᠠ ᠬᠠᠷᠭᠤᠭᠤᠯᠵᠤ᠂ ᠭᠠᠷ ᠤᠨ ᠥᠰᠥᠭ ᠵᠢᠷᠤᠵᠤ᠂ ᠪᠥᠬᠦ ᠶᠠᠪᠤᠴᠠ ᠨᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠶᠢᠵᠤ᠂ ᠪᠠᠶᠠᠨᠪᠤᠯᠠᠭ ᠭᠠᠴᠠᠭᠠᠨ ᠤ ᠠᠩᠬᠠᠨ ᠤ ᠡᠯᠡᠰᠦᠷᠬᠡᠭ ᠭᠠᠵᠠᠷ ᠤᠨ ᠡᠷᠭᠢᠯᠲᠡ ᠶᠢᠨ ᠠᠰᠢᠭ ᠣᠷᠣᠯᠭ᠎ᠠ ᠶᠢ ᠮᠠᠯᠴᠢᠨ ᠲᠠᠷᠢᠶᠠᠴᠢᠨ ᠤ ᠭᠠᠷ ᠲᠤ ᠲᠠᠷᠬᠠᠭᠠᠬᠤ ᠶᠢ ᠳᠠᠭᠠᠯᠳᠤᠨ᠂ ᠮᠠᠯᠴᠢᠨ ᠲᠠᠷᠢᠶᠠᠴᠢᠨ ᠨᠢᠭᠡ ᠨᠢᠭᠡ ᠪᠠᠷ ᠢᠶᠠᠨ ᠪᠠᠶᠠᠷ ᠬᠥᠷ ᠲᠠᠢ ᠪᠠᠶᠢᠯ᠎ᠠ᠃    ᠣᠶᠢᠷ᠎ᠠ ᠶᠢᠨ ᠵᠢᠯ ᠳᠤ᠂ ᠣᠷᠤᠢ ᠶᠢᠨ ᠰᠦᠮ᠎ᠡ ᠰᠤᠮᠤ ᠭᠠᠵᠠᠷ ᠰᠢᠷᠣᠢ ᠶᠢᠨ ᠡᠷᠭᠢᠯᠲᠡ ᠶᠢ ᠶᠡᠬᠡᠪᠡᠷ ᠠᠬᠢᠭᠤᠯᠵᠤ᠂ ᠡᠯᠡᠰᠦᠷᠬᠡᠭ ᠭᠠᠵᠠᠷ ᠤᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠬᠠᠮᠲᠤ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠣᠯᠠᠨ ᠡᠰᠢᠵᠢᠭᠰᠡᠨ ᠬᠥᠭᠵᠢᠯᠲᠡ ᠶᠢᠨ ᠵᠠᠮ ᠢ ᠰᠦᠪᠡᠭᠴᠢᠯᠡᠵᠦ᠂ ︽ᠡᠯᠡᠰᠦᠷᠬᠡᠭ ᠭᠠᠵᠠᠷ ᠤᠨ ᠠᠵᠢᠯ ︾ ᠢ ᠦᠷᠭᠦᠯᠵᠢᠯᠡᠨ ᠠᠮᠢᠳᠤᠯᠢᠭ ᠪᠣᠯᠭᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠠᠵᠤ ᠦᠢᠯᠡᠰ ᠪᠠ ᠮᠠᠯ ᠠᠵᠤ ᠠᠬᠤᠢ ᠶᠢᠨ ᠠᠵᠤ ᠦᠢᠯᠡᠰ ᠳᠠᠰᠢ ᠲᠥᠪᠯᠡᠷᠡᠭᠦᠯᠵᠦ᠂ ᠡᠯᠡᠰᠦᠷᠬᠡᠭ ᠭᠠᠵᠠᠷ ᠤᠨ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠡ᠃    ᠣᠳᠣᠬᠠᠨ ᠪᠣᠯᠲᠠᠯ᠎ᠠ᠂ ᠪᠠᠶᠠᠨᠪᠤᠯᠠᠭ ᠭᠠᠴᠠᠭ᠎ᠠ ᠶᠢᠨ ᠡᠷᠭᠢᠯᠲᠡ ᠶᠢᠨ ᠭᠡᠷ᠎ᠡ  ᠳᠣᠭᠲᠠᠭᠰᠠᠨ ᠨᠢ 90% ᠠᠴᠠ ᠳᠡᠭᠡᠭᠰᠢ ᠳᠤ ᠬᠦᠷᠴᠦ᠂ 880 ᠭᠠᠷᠤᠶ ᠮᠥ ᠭᠠᠵᠠᠷ ᠰᠢᠷᠣᠶ ᠶᠢ ᠰᠢᠯᠵᠢᠭᠦᠯᠵᠦ᠂ 278 ᠡᠷᠦᠬᠡ  ᠮᠠᠯᠴᠢᠨ ᠲᠠᠷᠢᠶᠠᠴᠢᠨ ᠠᠰᠢᠭ ᠬᠦᠷᠲᠡᠵᠦ᠂ ᠲᠣᠰ ᠤᠳᠠᠭ᠎ᠠ 721720 ᠲᠥᠭᠦᠷᠢᠭ ᠤᠨ ᠡᠯᠡᠰᠦᠷᠬᠡᠭ ᠭᠠᠵᠠᠷ ᠤᠨ ᠡᠷᠭᠢᠯᠲᠡ ᠶᠢᠨ ᠲᠦᠷᠢᠶᠡᠰᠦᠨ ᠮᠥᠩᠭᠦ ᠶᠢ ᠲᠠᠷᠬᠠᠭᠠᠪᠠ᠃    ᠴᠠᠬᠢᠭᠤᠷ ᠡᠯᠡᠰᠦᠨ ᠤ ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠭᠠᠴᠠᠭᠠᠨ ᠤ ᠬᠠᠮᠲᠤ ᠶᠢᠨ ᠠᠵᠤ ᠠᠬᠤᠶ ᠠᠯᠬᠤᠮ ᠠᠯᠬᠤᠮ ᠢᠶᠠᠷ ᠪᠤᠵᠠᠭᠠᠶᠢᠷᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠤᠯᠠᠮ ᠨᠢᠭᠡ ᠠᠯᠬᠤᠮ ᠨᠡᠮᠡᠭᠳᠡᠨ᠂ ᠵᠣᠯ ᠵᠢᠷᠭᠠᠯ ᠤᠨ ᠵᠢᠭᠠᠯᠲᠠ ᠲᠤᠭ᠎ᠠ ᠤᠯᠠᠮ ᠠᠴᠠ ᠤᠯᠠᠮ ᠳᠡᠭᠡᠭᠰᠢᠯᠡᠪᠡ᠃ ᠭᠠᠵᠠᠷ ᠰᠢᠷᠣᠢ ᠶᠢ ︽  ᠠᠮᠢᠳᠤᠯᠢᠭ︾  ᠪᠣᠯᠭᠠᠭᠰᠠᠨ ᠮᠥᠷᠲᠡᠭᠡᠨ ᠠᠷᠠᠳ ᠲᠦᠮᠡᠨ ᠢ ︽ᠪᠠᠶᠠᠨ︾  ᠪᠣᠯᠭᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号