ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠬᠦᠷᠢᠶᠡᠯᠡᠩ ᠲᠣᠭᠤᠷᠢᠭ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/3/13
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠲᠤᠷᠰᠢᠯᠲᠠ ᠶᠢᠨ ᠬᠦᠷᠢᠶᠡᠯᠡᠩ ᠲᠣᠭᠤᠷᠢᠭ ᠤᠨ ᠨᠡᠷᠡᠰ ᠢ ᠨᠡᠶᠢᠲᠡᠯᠡᠵᠦ᠂ ᠮᠠᠨ ᠤ ᠬᠤᠰᠢᠭᠤ ᠪᠥᠬᠦ ᠣᠷᠣᠨ ᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ 20 ᠲᠤᠷᠰᠢᠯᠲᠠ ᠶᠢᠨ ᠬᠦᠷᠢᠶᠡᠯᠡᠩ ᠲᠣᠭᠤᠷᠢᠭ ᠲᠤ ᠤᠷᠤᠭᠰᠢᠲᠠᠶ ᠰᠣᠩᠭᠤᠭᠳᠠᠪᠠ᠃    ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠥᠰᠦᠯ︾ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠬᠤᠰᠢᠭᠤᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠬᠡᠷ ᠯᠦᠭᠡ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠡᠶ ᠠᠬᠢᠭᠤᠯᠵᠤ᠂ ᠭᠤᠶᠤᠴᠢᠯᠠᠨ ᠮᠡᠳᠡᠭᠦᠯᠬᠦ ᠲᠥᠰᠦᠯ ᠢ ᠨᠠᠷᠢᠨ ᠨᠢᠮᠪᠠᠶ ᠲᠣᠭᠲᠠᠭᠠᠬᠤ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠠᠤᠬᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠢᠶᠠᠷ ᠰᠣᠩᠭᠤᠭᠳᠠᠪᠠ᠃ ᠲᠣᠰ ᠲᠤᠷᠰᠢᠯᠲᠠ ᠶᠢᠨ ᠴᠡᠭ ᠨᠢ ᠭᠤᠤᠯᠳᠠᠭᠤ ᠰᠢᠨ᠎ᠡ ᠡᠨᠧᠷᠭᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠤᠨ ᠬᠥᠭᠵᠢᠯᠲᠡ ᠶᠢ ᠳᠣᠤᠷ᠎ᠠ ᠨᠡᠭᠦᠷᠡᠰᠦᠲᠥ᠋ᠷᠥᠭᠴᠢᠵᠢᠭᠦᠯᠬᠦ᠂ ᠰᠠᠭᠤᠷᠢ ᠲᠥᠬᠦᠭᠡᠷᠦᠮᠵᠢ ᠶᠢ ᠡᠷᠴᠢᠮᠵᠢᠭᠦᠯᠬᠦ᠂ ᠡᠬᠢ ᠪᠠᠶᠠᠯᠢᠭ ᠢ ᠠᠰᠢᠭᠯᠠᠬᠤ ᠶᠢ ᠡᠷᠭᠢᠯᠳᠦᠭᠦᠯᠬᠦ᠂ ᠡᠵᠡᠩᠨᠡᠯᠲᠡ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠤᠶᠤᠨᠵᠢᠭᠤᠯᠬᠤ ᠪᠠᠷ ᠬᠠᠷᠠᠯᠲᠠ ᠤᠳᠤᠷᠢᠳᠤᠮᠵᠢ ᠪᠣᠯᠭᠠᠵᠤ᠂ ᠠᠵᠤ  ᠦᠢᠯᠡᠳᠪᠦᠷᠢ ᠶᠢᠨ ᠰᠠᠭᠤᠷᠢ ᠶᠢ ᠨᠡᠮᠡᠭᠳᠡᠭᠦᠯᠦᠨ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ᠂ ᠰᠢᠨ᠎ᠡ ᠡᠨᠧᠷᠭᠢ ᠶᠢ ᠪᠥᠬᠦ ᠣᠷᠣᠨ ᠪᠦᠰᠡᠵᠢᠭᠦᠯᠦᠨ ᠨᠡᠭᠡᠭᠡᠨ ᠠᠰᠢᠭᠯᠠᠬᠤ ᠢᠨᠵᠧᠨᠧᠷᠢᠩ᠂ ᠤᠰᠤᠨ ᠤ ᠡᠬᠢ ᠪᠠᠶᠠᠯᠢᠭ ᠢ ᠱᠠᠲᠤᠯᠢᠭ ᠠᠰᠢᠭᠯᠠᠬᠤ ᠪᠠ ᠬᠤᠯᠪᠣᠯᠳᠤᠭᠤᠯᠤᠨ ᠠᠰᠢᠭᠯᠠᠬᠤ ᠢᠨᠵᠧᠨᠧᠷᠢᠩ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠵᠢᠴᠢ ᠪᠥᠲᠥᠭᠡᠨ ᠪᠠᠶᠢᠭᠤᠯᠤᠯᠲᠠ ᠶᠢᠨ ᠡᠬᠢ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠥᠬᠦ ᠬᠠᠷᠠᠯᠲᠠᠲᠤ  ᠭᠦᠢᠴᠡᠳᠬᠡᠯ ᠲᠤᠭ᠎ᠠ ᠶᠢᠨ ᠡᠭᠦᠷᠭᠡ ᠶᠢ ᠪᠡᠶᠡᠯᠡᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠬᠦᠷᠢᠶᠡᠯᠡᠩ ᠲᠣᠭᠤᠷᠢᠭ ᠤᠨ ᠠᠯᠪᠠᠨ ᠭᠡᠷ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠴᠢᠬᠤᠯᠠ ᠶᠡᠭᠡ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠡᠨᠧᠷᠭᠢ ᠶᠢᠨ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号