| ᠠᠤᠬᠠᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠵᠦ᠂ ᠬᠤᠰᠢᠭᠤᠨ ᠱᠠᠲᠤ ᠪᠠᠷ ᠲᠥᠪ ᠪᠣᠯᠭᠠᠭᠰᠠᠨ᠂ ᠰᠢᠶᠠᠩ ᠪᠠᠯᠭᠠᠰᠤ ᠪᠠᠷ ᠭᠤᠤᠯᠳᠠᠯᠭ᠎ᠠ ᠪᠣᠯᠭᠠᠭᠰᠠᠨ᠂ | ᠲᠣᠰᠬᠤᠨ ᠤ ᠱᠠᠲᠤ ᠪᠠᠷ ᠰᠠᠭᠤᠷᠢ ᠪᠣᠯᠭᠠᠵᠤ ᠦᠷᠭᠦᠯᠵᠢᠯᠡᠨ ᠠᠵᠢᠯᠯᠠᠬᠤ ᠭᠤᠷᠪᠠᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠠᠩᠬ᠎ᠠ ᠠᠯᠬᠤᠮ ᠪᠠᠶᠢᠭᠤᠯᠪᠠ᠃ ᠡᠭᠦᠨ ᠳᠤ᠂ ᠰᠢᠨ | ᠾᠦᠢ ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ 2024 ᠣᠨ ᠤ 9 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ ᠰᠢᠯᠭᠠᠨ ᠠᠪᠴᠤ᠂ ᠣᠲᠣ | ᠭᠠᠳᠠᠭᠰᠢ ᠲᠦᠷᠢᠶᠡᠰᠦᠯᠡᠭᠦᠯᠬᠦ ᠠᠵᠢᠯ ᠢ ᠵᠣᠬᠢᠶᠠᠨ ᠪᠠᠶᠢᠭᠤᠯᠵᠤ ᠡᠬᠢᠯᠡᠪᠡ᠃ ᠠᠤᠬᠠᠨ ᠬᠤᠰᠢᠭᠤᠨ ᠤ ᠰᠧ ᠵᠢᠶᠠ ᠽᠢ | ᠬᠠᠯᠠᠭᠤᠨ ᠷᠠᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠨᠢᠭᠡᠨᠲᠡ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠬᠢᠪᠠ᠃ 3 ᠰᠢᠶᠠᠩ ᠪᠠᠯᠭᠠᠰᠤᠨ ᠤ | ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 56 ᠲᠣᠰᠬᠤᠨ ᠤ ᠱᠠᠲᠤᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠠᠰᠤᠲᠠᠶᠢᠴᠤᠳ ᠤᠨ ᠬᠤᠭᠤᠯᠠᠨ ᠤ | ᠴᠡᠭ ᠢ 15 ᠰᠢᠨ᠎ᠡ ᠪᠠᠷ ᠨᠡᠮᠡᠭᠳᠡᠭᠦᠯᠦᠨ᠂ ᠪᠡᠯᠡ ᠮᠥᠩᠬᠦ ᠶᠢ ᠢᠳᠡᠪᠬᠢᠯᠡᠨ ᠣᠯᠵᠤ 21 ᠵᠣᠯ ᠵᠢᠷᠭᠠᠯ ᠤᠨ | ᠬᠦᠷᠢᠶᠡᠯᠡᠩ ᠳᠤ ︽ᠰᠢᠨ᠎ᠡ ᠪᠠᠷ ᠲᠠᠰ ᠳᠡᠪᠰᠢᠭᠦᠯᠵᠦ︾᠂ 923 ᠣᠨᠴᠠᠭᠠᠶ ᠬᠡᠷ ᠪᠦᠯᠢ ᠶᠢ ᠨᠠᠰᠤᠲᠠᠨ ᠳᠤ | ᠲᠣᠬᠢᠷᠠᠭᠤᠯᠵᠤ ᠥᠭᠡᠷᠡᠴᠢᠯᠡᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠪᠥᠬᠦ ᠲᠠᠯ᠎ᠠ ᠪᠠᠷ ᠳᠡᠭᠡᠭᠰᠢᠯᠡᠭᠦᠯᠪᠡ᠃ |