| ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ | ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠠᠵᠢᠯᠲᠠᠳ ᠬᠠᠷᠢᠶᠠᠲᠤ | ᠣᠷᠣᠨ ᠤ ᠪᠠᠨ ᠲᠠᠷᠢᠶᠠᠯᠠᠩ ᠤᠨ ᠮᠠᠰᠢᠨ ᠪᠠᠭᠠᠵᠢ ᠪᠣᠷᠣᠯᠠᠭᠤᠯᠬᠤ ᠳᠡᠯᠭᠡᠭᠦᠷ ᠲᠤ ᠭᠦᠨᠵᠡᠭᠡᠶᠢᠷᠡᠵᠦ᠂ ᠲᠠᠷᠢᠶᠠᠯᠠᠩ ᠤᠨ | ᠮᠠᠰᠢᠨ ᠲᠡᠷᠭᠡᠨ ᠤ ᠮᠡᠳᠡᠭᠡ ᠵᠠᠩᠭᠢ ᠶᠢ ᠪᠥᠬᠦ ᠲᠠᠯ᠎ᠠ ᠪᠠᠷ ᠪᠠᠶᠢᠴᠠᠭᠠᠵᠤ ᠬᠠᠷᠭᠤᠭᠤᠯᠪᠠ᠃ | ᠪᠠᠶᠢᠴᠠᠭᠠᠬᠤ ᠶᠠᠪᠤᠴᠠ ᠳᠤ᠂ ᠠᠵᠢᠯᠲᠠᠳ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠲᠡᠷᠭᠡᠨ ᠤ | ᠦᠢᠯᠡᠳᠭᠦᠨ ᠤ ᠬᠢᠷᠢ ᠲᠡᠩᠴᠡᠭᠰᠡᠨ ᠦᠨᠡᠮᠯᠡᠯ᠂ ᠲᠠᠷᠢᠶᠠᠯᠠᠩ ᠤᠨ ᠮᠠᠰᠢᠨ ᠤ ᠬᠡᠯᠪᠡᠷᠢ᠂ ᠦᠢᠯᠡᠳᠪᠦᠷᠢ ᠠᠴᠠ | ᠭᠠᠷᠭᠠᠬᠤ ᠳ᠋ᠤᠭᠠᠷ᠂ ᠬᠥᠳᠡᠯᠭᠡᠭᠦᠷ ᠮᠠᠰᠢᠨ ᠤ ᠨᠣᠮᠧᠷ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠨᠠᠷᠢᠨ ᠪᠠᠶᠢᠴᠠᠭᠠᠨ | ᠦᠵᠡᠵᠦ᠂ ᠲᠠᠷᠢᠶᠠᠯᠠᠩ ᠤᠨ ᠮᠠᠰᠢᠨ ᠲᠡᠷᠭᠡᠨ ᠤ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ | ᠪᠦᠲᠦᠨ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠠᠵᠢᠯᠲᠠᠳ ᠪᠠᠰᠠ ᠲᠠᠷᠢᠶᠠᠯᠠᠩ ᠤᠨ ᠮᠠᠰᠢᠨ | ᠪᠠᠭᠠᠵᠢ ᠪᠣᠷᠣᠯᠠᠭᠤᠯᠬᠤ ᠳᠡᠯᠭᠡᠭᠦᠷ ᠤᠨ ᠬᠠᠷᠢᠭᠤᠴᠠᠯᠭᠠᠲᠠᠨ ᠳᠤ ᠲᠠᠷᠢᠶᠠᠯᠠᠩ ᠤᠨ ᠮᠠᠰᠢᠨ ᠤ ᠠᠶᠤᠯᠭᠦᠶ | ᠦᠢᠯᠡᠳᠪᠦᠷᠢᠯᠡᠯ ᠤᠨ ᠴᠢᠬᠤᠯᠠ ᠴᠢᠨᠠᠷ ᠢ ᠤᠬᠠᠭᠤᠯᠵᠤ᠂ ᠲᠡᠳᠡᠨ ᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠤᠨ | ᠮᠠᠰᠢᠨ ᠤ ᠦᠢᠯᠡᠳᠬᠦᠨ ᠢ ᠪᠣᠷᠣᠯᠠᠭᠤᠯᠵᠤ ᠪᠣᠯᠬᠤ ᠥᠬᠡᠶ ᠭᠡᠵᠦ ᠱᠠᠭᠠᠷᠳᠠᠪᠠ᠃ | ᠲᠣᠰ ᠤᠳᠠᠭᠠᠨ ᠤ ᠪᠠᠶᠢᠴᠠᠭᠠᠯᠲᠠ ᠨᠢ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠪᠦᠲᠦᠮᠵᠢᠲᠡᠶ ᠵᠢᠷᠤᠮᠵᠢᠭᠤᠯᠤᠭᠰᠠᠨ ᠢᠶᠠᠷ ᠪᠠᠷᠠᠬᠤ ᠥᠬᠡᠶ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ | ᠬᠦᠴᠦᠲᠡᠶ ᠲᠠᠷᠢᠶᠠᠯᠠᠩ ᠤᠨ ᠮᠠᠰᠢᠨ ᠲᠣᠨᠣᠭᠯᠠᠯ ᠤᠨ ᠪᠠᠲᠤᠯᠠᠭ᠎ᠠ ᠬᠠᠩᠭᠠᠭᠰᠠᠨ ᠪᠥᠭᠡᠳ ᠲᠠᠷᠢᠶᠠᠯᠠᠩ ᠤᠨ ᠮᠠᠰᠢᠨ ᠤ | ᠡᠵᠡᠩᠨᠡᠭᠴᠢ ᠪᠠ ᠬᠡᠷᠡᠭᠯᠡᠭᠴᠢ ᠶᠢᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠠᠶᠤᠯᠭᠦᠶ ᠦᠢᠯᠡᠳᠪᠦᠷᠢᠯᠡᠯ ᠳᠤ ᠪᠠᠲᠤ ᠪᠠᠬᠢ | ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠤᠳ ᠲᠠᠷᠢᠶᠠᠯᠠᠩ ᠤᠨ ᠮᠠᠰᠢᠨ ᠪᠠᠭᠠᠵᠢ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ | ᠠᠵᠢᠯ ᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ | ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠠᠰᠠ ᠲᠠᠷᠢᠶᠠᠯᠠᠩ ᠤᠨ ᠮᠠᠰᠢᠨ ᠤ ᠠᠵᠢᠯᠲᠠᠨ ᠤ | ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠲᠡᠳᠡᠨ ᠤ ᠠᠶᠤᠯᠭᠦᠶ ᠠᠵᠢᠯᠯᠠᠬᠤ ᠤᠷ᠎ᠠ ᠴᠢᠳᠠᠪᠤᠷᠢ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠳᠤ ᠬᠦᠴᠦᠨ ᠨᠡᠮᠡᠷᠢᠯᠡᠨ᠎ᠡ᠃ |