ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠤᠰᠬᠠᠶ ᠪᠠᠶᠢᠴᠠᠭᠠᠯᠲᠠ ᠪᠠ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/14
     ᠬᠠᠪᠤᠷ ᠤᠨ ᠲᠠᠷᠢᠶᠠᠯᠠᠭ᠎ᠠ ᠬᠦᠷᠴᠦ ᠢᠷᠡᠬᠦ ᠲᠠᠰᠢᠷᠠᠮ ᠢᠶᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠥᠷᠭᠡᠨ ᠣᠯᠠᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠪᠥᠬᠦ ᠬᠦᠴᠦᠨ ᠢᠶᠠᠷ ᠢᠶᠠᠨ ᠬᠠᠪᠤᠷ ᠤᠨ ᠲᠠᠷᠢᠶᠠᠯᠠᠭ᠎ᠠ ᠶᠢ ᠬᠠᠮᠠᠭᠠᠯᠠᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠲᠤᠰᠬᠠᠶ ᠪᠠᠶᠢᠴᠠᠭᠠᠯᠲᠠ ᠪᠠ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠡᠳ᠋ ᠪᠠᠷᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ᠂ ᠰᠢᠨᠵᠢᠯᠡᠨ ᠰᠢᠯᠭᠠᠬᠤ ᠲᠠᠰᠤᠭ᠂ ᠲᠦᠭᠦᠬᠡᠶ ᠮᠠᠲ᠋ᠧᠷᠢᠶᠠᠯ ᠪᠠ ᠪᠦᠲᠦᠭᠡᠭᠳᠡᠬᠦᠨ ᠤ ᠬᠥᠮᠥᠷᠭᠡ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠢᠷᠢ ᠬᠡᠮ᠂ ᠡᠵᠡᠩᠨᠡᠯᠲᠡ ᠶᠢᠨ ᠦᠨᠡᠮᠯᠡᠯ᠂ ᠦᠢᠯᠡᠳᠪᠤᠷᠢᠯᠡᠬᠦ ᠦᠢᠯᠡᠳᠭᠦᠨ ᠤ ᠪᠣᠭᠤᠳᠠᠯ ᠪᠠᠭᠯᠠᠭ᠎ᠠ᠂ ᠲᠡᠮᠳᠡᠭ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ︔ ᠵᠥᠪᠰᠢᠶᠡᠷᠡᠯ ᠤᠨ ᠬᠡᠪᠴᠢᠶ᠎ᠡ ᠪᠠᠷ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠵᠤ ᠪᠠᠶᠢᠬᠤ ᠡᠰᠡᠬᠦ︔ ᠦᠢᠯᠡᠳᠪᠦᠷᠢᠯᠡᠯ ᠤᠨ ᠲᠤᠬᠠᠶ ᠶᠢᠨ ᠲᠠᠯᠠᠪᠤᠷ ᠲᠤ ᠪᠣᠳᠠᠲᠠᠶ ᠲᠠᠯᠪᠢᠭᠰᠠᠨ ᠲᠦᠭᠦᠬᠡᠶ ᠮᠠᠲ᠋ᠧᠷᠢᠶᠠᠯ ᠪᠠ ᠦᠢᠯᠡᠳᠪᠦᠷᠢᠯᠡᠯ ᠤᠨ ᠶᠠᠪᠤᠴᠠ ᠪᠠ ᠭᠠᠷ ᠤᠷᠠᠯᠠᠯ ᠨᠢ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠬᠦ ᠶᠢ ᠵᠣᠬᠢᠶᠠᠨ ᠪᠠᠶᠢᠭᠤᠯᠤᠭᠰᠠᠨ ᠡᠰᠡᠬᠦ︔ ᠦᠢᠯᠡᠳᠪᠦᠷᠢᠯᠡᠯ ᠤᠨ ᠲᠡᠮᠳᠡᠭᠯᠡᠯ᠂ ᠪᠠᠷᠠᠭ᠎ᠠ ᠣᠷᠣᠭᠤᠯᠵᠤ ᠭᠠᠷᠭᠠᠬᠤ ᠡᠬᠡ ᠲᠠᠩᠰᠠ ᠪᠠᠶᠢᠭᠤᠯᠤᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠤᠰᠢᠭᠤᠨ ᠤ ᠲᠣᠪᠴᠢᠶ᠎ᠠ ᠤᠯᠤᠰ ᠤᠨ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠤᠯᠢᠮᠠᠭ ᠪᠤᠷᠳᠤᠭᠤᠷ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ᠂ ᠳᠤᠰᠤᠯᠭᠠᠨ ᠤᠰᠤᠯᠠᠬᠤ ᠪᠦᠰᠡ᠂ ᠪᠥᠭᠡᠭᠡᠨᠡᠷᠡᠯ ᠡᠲ᠋ᠧᠨ ᠤ ᠬᠤᠭᠤᠯᠠᠶ ᠳᠤ ᠦᠢᠯᠡᠳᠬᠦᠨ ᠤ ᠶᠠᠰᠤ ᠴᠢᠨᠠᠷ ᠤᠨ ᠥᠯᠢᠭᠡᠷ ᠠᠪᠴᠤ ᠰᠢᠯᠭᠠᠨ ᠪᠠᠶᠢᠴᠠᠭᠠᠵᠤ᠂ ᠨᠡᠶᠢᠲᠡ 10 ᠪᠦᠯᠦᠭ ᠤᠳᠠᠭ᠎ᠠ ᠰᠣᠩᠭᠤᠨ ᠪᠠᠶᠢᠴᠠᠭᠠᠵᠤ᠂ ᠥᠯᠢᠭᠡᠷ ᠡᠳ᠋ ᠢ ᠶᠠᠭ ᠰᠢᠯᠭᠠᠨ ᠪᠠᠶᠢᠴᠠᠭᠠᠯᠭᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号