ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠲᠠᠷᠢᠶᠠᠯᠠᠩ ᠤᠨ ᠠᠮᠤᠷ ᠲᠦᠪᠰᠢᠨ 3.15︾ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/14
    ᠥᠷᠭᠡᠨ ᠣᠯᠠᠨ ᠬᠡᠷᠡᠭᠯᠡᠭᠴᠢᠳ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠲᠥᠪ ︽ᠲᠠᠷᠢᠶᠠᠯᠠᠩ ᠤᠨ ᠠᠮᠤᠷ ᠲᠦᠪᠰᠢᠨ 3.15︾ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠬᠡᠷᠡᠭᠯᠡᠭᠴᠢᠳ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠲᠤᠬᠠᠶ ᠢᠲᠡᠭᠡᠯ ᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠪᠠ ᠃    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠲᠥᠪ ᠤᠨ ᠠᠵᠢᠯᠲᠠᠳ ᠡᠭᠦᠯᠳᠡᠷ ᠤᠨ ᠰᠠᠭᠤᠷᠢᠨ ᠭᠠᠵᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠶᠢ ᠲᠠᠶᠢᠯᠪᠤᠷᠢᠯᠠᠬᠤ︾ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠡᠷᠡᠭᠯᠡᠭᠴᠢᠳ ᠢ ᠬᠠᠪᠰᠤᠷᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠠᠴᠠ ᠪᠣᠷᠣᠯᠠᠭᠤᠯᠬᠤ ᠡᠯ᠎ᠡ ᠭᠤᠭᠴᠣᠭᠠᠨ ᠤ ᠠᠮᠤᠷ ᠲᠦᠪᠰᠢᠨ ᠤ ᠱᠠᠭᠠᠷᠳᠠᠯᠭ᠎ᠠ ᠶᠢ ᠣᠶᠢᠯᠠᠭᠠᠭᠤᠯᠪᠠ ᠃ ᠡᠭᠦᠨ ᠤ ᠬᠠᠮᠲᠤ ᠣᠯᠠᠨ ᠲᠦᠮᠡᠨ ᠤ ᠲᠠᠷᠢᠶᠠᠯᠠᠩ ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠬᠠᠶ ᠠᠰᠠᠭᠤᠯᠲᠠ ᠳᠤ ᠲᠤᠬᠠᠶ ᠶᠢᠨ ᠭᠠᠵᠠᠷ ᠲᠤᠨᠢ ᠬᠠᠷᠢᠭᠤᠯᠲᠠ ᠥᠭᠴᠦ᠂ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤ ᠵᠡᠷᠭᠡ ᠲᠠᠯ᠎ᠠ ᠶᠢᠨ ᠵᠢᠯᠣᠭᠤᠳᠣᠯᠭ᠎ᠠ ᠶᠢ ᠬᠠᠩᠭᠠᠪᠠ᠃    ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠦᠢᠯᠡᠳᠪᠦᠷᠢᠯᠡᠭᠴᠢ ᠶᠢᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠠᠮᠤᠷ ᠲᠦᠪᠰᠢᠨ᠂ ᠡᠷᠡᠭᠦᠯ ᠰᠠᠷᠠᠭᠤᠯ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠡᠷᠡᠭᠯᠡᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃   
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号