ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠤᠬᠠᠨ ᠬᠤᠰᠢᠭᠤᠨ ᠳᠤ ᠣᠷᠤᠩᠨᠠᠨ ᠰᠠᠭᠤᠵᠤ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠤᠬᠠᠨ ᠬᠤᠰᠢᠭᠤᠨ ᠳᠤ ᠣᠷᠤᠩᠨᠠᠨ ᠰᠠᠭᠤᠵᠤ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ  ᠬᠤᠷᠠᠯᠳᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠬᠠᠢ ᠫᠧᠩ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠪᠠ᠃ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠣᠪᠣᠷ ᠢᠶᠠᠨ ᠢᠯᠡᠳᠬᠡᠬᠦ ᠦᠭᠡ ᠬᠡᠯᠡᠵᠦ ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠤ ᠾᠦᠢ ᠮᠢᠩ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃    ᠯᠢᠦ ᠬᠠᠶ ᠫᠧᠩ ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠠᠤᠬᠠᠨ ᠬᠤᠰᠢᠭᠤᠨ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯ ᠲᠤᠰ ᠭᠠᠵᠠᠷ ᠣᠷᠣᠨ ᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠤᠷᠤᠰᠬᠠᠯ ᠳᠤ ᠣᠷᠣᠬᠤ ᠴᠢᠬᠤᠯᠠ ᠠᠷᠭ᠎ᠠ ᠬᠡᠮᠵᠢᠶ᠎ᠡ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠤᠬᠠᠨ ᠬᠤᠰᠢᠭᠤ ᠨᠢ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠶ  ᠭᠡᠵᠦ ᠴᠢᠬᠤᠯᠠᠴᠢᠯᠠᠪᠠ᠃    ᠯᠢᠦ ᠬᠠᠢ ᠫᠧᠩ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠠᠤᠬᠠᠨ ᠬᠤᠰᠢᠭᠤᠨ ᠤ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠡᠷᠢᠬᠦ ᠪᠠᠷ  ᠴᠢᠷᠮᠠᠶᠢᠬᠤ ᠬᠡᠷᠡᠭᠲᠡᠢ᠃ ᠠᠤᠬᠠᠨ ᠬᠤᠰᠢᠭᠤ ᠨᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ  ᠭᠡᠵᠦ ᠢᠯᠡᠳᠬᠡᠪᠡ᠃    ᠮᠠ ᠯᠢ ᠬᠤᠸᠠ᠂ ᠠᠤᠬᠠᠨ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠨᠢ ᠪᠢᠳᠡᠨ ᠤ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠲᠣᠭᠤᠷᠢᠨ ᠪᠠᠶᠢᠴᠠᠭᠠᠯᠲᠠ ᠶᠢ ᠭᠥᠯᠢᠶᠡᠨ ᠠᠪᠬᠤ ᠶᠠᠪᠤᠴᠠ ᠶᠢ ᠦᠨᠡᠨᠬᠦ ᠵᠥᠷᠢᠶ᠎ᠡ ᠶᠢ ᠡᠷᠢᠬᠦ᠂ ᠰᠤᠷᠲᠠᠯ ᠢᠶᠠᠨ ᠰᠠᠶᠢᠵᠢᠷᠠᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠵᠣᠷᠢᠭ ᠰᠠᠨᠠᠭ᠎ᠠ ᠶᠢ ᠬᠥᠭᠵᠢᠭᠡᠬᠦ᠂ ᠡᠷᠴᠢ ᠵᠣᠷᠢᠭ ᠢᠶᠠᠨ ᠬᠥᠪᠴᠢᠯᠡᠬᠦ ᠶᠠᠪᠤᠴᠠ ᠪᠣᠯᠭᠠᠨ ᠬᠤᠪᠢᠷᠠᠭᠤᠯᠵᠤ᠂ ᠬᠥᠳᠡᠯᠭᠡᠬᠦ ᠬᠦᠴᠦᠨ ᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠯᠲᠠ ᠶᠢ ᠭᠥᠯᠢᠶᠡᠨ ᠠᠪᠬᠤ ᠶᠢ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃    ᠬᠤᠤ ᠾᠦᠢ ᠮᠢᠩ᠂ ᠤᠯᠠᠭᠠᠨᠬᠠᠳᠠ ᠬᠤᠲᠠ ᠪᠦᠬᠦ ᠬᠤᠲᠠ ᠪᠠᠷ ᠢᠶᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠲᠠᠢ ᠪᠣᠯᠬᠤ ᠵᠠᠩᠭᠢᠯᠠᠭ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠶᠢ ᠬᠦᠯᠢᠶᠡᠵᠦ᠂ ᠲᠣᠭᠤᠷᠢᠨ ᠪᠠᠶᠢᠴᠠᠭᠠᠭᠳᠠᠬᠤ ᠭᠠᠵᠠᠷ ᠣᠷᠣᠨ ᠤ ᠬᠢᠨ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠬᠥᠳᠡᠯᠭᠡᠬᠦ ᠬᠦᠴᠦᠨ ᠪᠣᠯᠭᠠᠵᠤ᠂ ᠲᠣᠭᠤᠷᠢᠨ ᠪᠠᠶᠢᠴᠠᠭᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠨᠢᠭᠡ ᠭᠤᠣᠯ ᠰᠢᠵᠢᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠶᠡᠬᠡᠪᠡᠷ ᠥᠷᠨᠢᠭᠦᠯᠬᠦ ᠪᠠ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠶᠡᠭᠡ ᠠᠵᠢᠯᠯᠠᠭ᠎ᠠ︾ ᠶᠢ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠤᠶᠠᠯᠳᠤᠭᠤᠯᠵᠤ᠂ ᠲᠣᠭᠤᠷᠢᠨ ᠪᠠᠶᠢᠴᠠᠭᠠᠯᠲᠠ ᠶᠢ ᠬᠦᠯᠢᠶᠡᠬᠦ ᠪᠠ ᠬᠥᠭᠵᠢᠯᠲᠡ ᠶᠢ ᠠᠬᠢᠭᠤᠯᠬᠤ ᠬᠤᠶᠠᠷ ᠢ ᠰᠠᠭᠠᠲᠠᠭᠠᠬᠤ ᠥᠬᠡᠶ᠂ ᠬᠤᠶᠠᠷ ᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠲᠣᠭᠤᠷᠢᠨ ᠪᠠᠶᠢᠴᠠᠭᠠᠭᠳᠠᠬᠤ ᠬᠤᠰᠢᠭᠤ ᠰᠢᠶᠠᠨ ᠲᠤᠰ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠰᠢᠨ᠎ᠡ ᠦᠷ᠎ᠡ ᠪᠦᠲᠦᠮᠵᠢ ᠪᠠᠷ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠲᠠᠪᠰᠢᠯᠳᠠ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠵᠠᠶ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0476—5819003᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8 ᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ A103 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ︔  ᠡᠯᠧᠺᠲᠷᠣᠨ ᠵᠠᠬᠢᠳᠠᠯ ᠤᠨ ᠬᠠᠶᠢᠷᠴᠠᠭ᠄ xsah@163.com᠃ ᠡᠭᠦᠨ ᠤ ᠬᠠᠮᠲᠤ ᠠᠤᠬᠠᠨ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠲᠣᠮᠣ ᠠᠰᠠᠷ ᠤᠨ ᠡᠮᠦᠨ᠎ᠡ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠲᠠᠯᠠᠪᠠᠶ ᠶᠢᠨ ᠵᠡᠭᠦᠨ ᠬᠠᠵᠠᠭᠤ ᠶᠢᠨ ᠰᠡᠭᠦᠳᠡᠷ ᠬᠠᠨ᠎ᠠ ᠪᠠ ᠠᠤᠬᠠᠨ ᠬᠤᠰᠢᠭᠤᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠡᠭᠦᠳᠡᠨ ᠳᠤ ᠲᠣᠰ ᠲᠣᠰ ᠬᠠᠷᠢᠯᠴᠠᠬᠤ ᠵᠠᠬᠢᠳᠠᠯ ᠤᠨ ᠬᠠᠶᠢᠷᠴᠠᠭ ᠭᠠᠷᠭᠠᠪᠠ᠃ ︽ᠺᠣᠳ᠋ ᠳᠡᠭᠡᠷ᠎ᠡ ᠲᠣᠭᠤᠷᠢᠨ ᠪᠠᠶᠢᠴᠠᠭᠠᠬᠤ︾  ᠬᠠᠭᠤᠳᠠᠰᠤ ᠨᠠᠭᠠᠵᠠᠢ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠤᠯᠳᠠᠭᠤ ᠲᠣᠭᠤᠷᠢᠨ ᠪᠠᠶᠢᠴᠠᠭᠠᠭᠳᠠᠬᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠪᠠ ᠤᠲᠠᠰᠤ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠬᠦ ᠪᠠ  ᠲᠤᠰᠬᠠᠬᠤ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 4 ᠰᠠᠷ᠎ᠠ ᠶᠢᠨ 25 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号