| 3 ᠰᠠᠷ᠎ᠠ ᠶᠢᠨ 13 ᠤ ᠡᠳᠦᠷ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ | ᠠᠵᠢᠯᠯᠠᠭᠠᠨ ᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠢ ᠡᠷᠭᠢᠯᠡᠵᠦ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠬᠠᠮᠢᠶ᠎ᠠ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠦᠢᠯᠡᠳᠪᠦᠷᠢ ᠪᠠ ᠪᠠᠯᠠ ᠣᠷᠣᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ | ᠲᠣᠰ ᠤᠨ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠬᠦᠷᠢᠶᠡᠨ ᠠᠴᠠ ᠪᠠᠨ ᠨᠢᠭᠡᠳᠦᠭᠡᠷ ᠤᠯᠠᠷᠢᠯ ᠤᠨ ᠪᠥᠬᠦ | ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ | ᠲᠥᠯᠥᠪᠵᠢᠭᠦᠯᠭᠡ ᠶᠢᠨ ᠲᠤᠬᠠᠶ ᠨᠠᠷᠢᠨ ᠬᠠᠷᠢᠭᠤ ᠮᠡᠳᠡᠭᠦᠯᠦᠯᠲᠡ ᠬᠢᠪᠠ᠃ | ᠬᠤᠷᠠᠯ ᠠᠴᠠ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠠᠬᠤᠶ ᠶᠢᠨ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠬᠤᠰᠢᠭᠤᠨ ᠤ ᠠᠵᠤ | ᠠᠬᠤᠶ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠬᠠᠷᠠᠯᠲᠠ ᠪᠠᠨ | ᠲᠣᠭᠲᠠᠭᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡᠳᠦᠭᠡᠷ ᠤᠯᠠᠷᠢᠯ᠂ ᠪᠥᠬᠦ ᠵᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠪᠣᠯ ᠠᠵᠤ ᠠᠬᠤᠶ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠤᠯᠤᠰ ᠲᠥᠷᠥ ᠶᠢᠨ | ᠡᠭᠦᠷᠭᠡᠯᠡᠯ᠂ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠠᠵᠤ ᠠᠬᠤᠶ ᠶᠢᠨ ᠪᠠᠶᠢᠳᠠᠯ ᠤᠨ ᠬᠦᠨᠳᠦ ᠨᠣᠴᠢᠲᠠᠶ | ᠴᠢᠨᠠᠷ ᠪᠣᠯᠤᠨ ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ︔ ᠪᠣᠳᠠᠲᠠᠶ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠵᠤ᠂ ᠰᠢᠨ᠎ᠡ ᠶᠢ ᠡᠭᠦᠳᠴᠦ᠂ ᠠᠵᠢᠯ ᠤᠨ ᠠᠮᠵᠢᠯᠲᠠ ᠪᠠᠷ ᠦᠭᠡ ᠬᠡᠯᠡᠵᠦ᠂ ᠠᠷᠠᠳ ᠲᠦᠮᠡᠨ ᠦᠨᠡᠯᠡᠵᠦ᠂ | ᠪᠦᠬᠦ ᠬᠤᠰᠢᠭᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠴᠢᠨᠠᠷ ᠰᠠᠶᠢᠲᠠᠶ | ᠬᠥᠭᠵᠢᠯᠲᠡ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠶ︔ ᠬᠠᠷᠠᠯᠲᠠ ᠡᠭᠦᠷᠭᠡ ᠲᠠᠢ | ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠱᠠᠳᠤ ᠱᠠᠳᠤ ᠪᠠᠷ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠴᠢᠩᠭ᠎ᠠ ᠪᠣᠳᠠᠲᠠᠢ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠦᠬᠦ ᠬᠤᠰᠢᠭᠤᠨ ᠤ | GDP ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠤ ᠳᠤᠮᠳᠠ ᠤᠷᠤᠭᠰᠢᠯᠠᠵᠤ᠂ ᠦᠷᠭᠦᠯᠵᠢᠯᠡᠨ ᠰᠠᠶᠢᠵᠢᠷᠠᠬᠤ ᠶᠢ | ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃ ︵ᠰᠤᠷᠪᠤᠯᠵᠢᠯᠠᠭᠴᠢ / ᠯᠢᠦ ᠪᠠᠢ ᠯᠢ︶ |