| ᠣᠶᠢᠷ᠎ᠠ ᠳᠤ᠂ ᠰᠢᠩ ᠯᠦᠩ ᠸᠠ ᠪᠠᠯᠭᠠᠰᠤᠨ ᠤ ᠠᠮᠲᠠᠲᠤ ᠬᠡᠮᠬᠡ ᠳᠠᠷᠢᠬᠤ ᠵᠠᠬᠢᠶᠠᠯᠠᠭ᠎ᠠ ᠶᠢᠨ ᠬᠠᠮᠲᠤᠷᠠᠯᠴᠠᠭᠠᠨ ᠤ | ᠭᠡᠷ᠎ᠡ ᠲᠣᠭᠲᠠᠬᠤ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ | ᠯᠢᠶᠣᠤᠨᠢᠩ ᠤᠨ ᠶᠦᠨ ᠬᠠᠢ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ᠂ ᠾᠧᠨᠠᠨ ᠤ ᠢ ᠹᠧᠩ | ᠨᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠶᠡᠷᠦᠩᠬᠡᠢ | ᠬᠢᠨᠠᠭᠴᠢ᠂ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠮᠠᠰᠢ ᠤᠯᠠᠨ ᠠᠮᠲᠠᠲᠤ ᠬᠡᠮᠬᠡ | ᠲᠠᠷᠢᠬᠤ ᠡᠷᠦᠬᠡ ᠨᠢᠭᠡ ᠲᠠᠩᠬᠢᠮ ᠳᠤ ᠴᠤᠭᠯᠠᠷᠠᠵᠤ᠂ ᠡᠨᠡᠬᠦ ᠣᠷᠣᠨ ᠨᠤᠲᠤᠭ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠴᠠᠭ | ᠮᠥᠴᠡ ᠶᠢ ᠬᠠᠮᠲᠤᠪᠠᠷ ᠭᠡᠷᠡᠴᠢᠯᠡᠪᠡ᠃ | ᠵᠠᠬᠢᠶᠠᠯᠠᠭ᠎ᠠ ᠶᠢᠨ ᠭᠡᠷ᠎ᠡ ᠳᠣᠭᠲᠠᠵᠤ ᠂ ᠰᠠᠭᠤᠷᠢ ᠶᠢ ᠪᠠᠲᠤᠯᠠᠨ᠎ᠠ | ᠶᠣᠰᠣᠯᠠᠯ ᠳᠡᠭᠡᠷ᠎ᠡ᠂ ᠠᠮᠲᠠᠲᠤ ᠬᠡᠮᠬᠡ ᠳᠠᠷᠢᠬᠤ ᠵᠠᠬᠢᠶᠠᠯᠠᠭ᠎ᠠ ᠶᠢᠨ ᠭᠡᠷ᠎ᠡ ᠲᠣᠭᠲᠠᠬᠤ ᠭᠤᠭᠴᠤᠭ᠎ᠠ ᠨᠢ ᠪᠥᠬᠦ | ᠲᠠᠯᠠᠪᠤᠷ ᠤᠨ ᠲᠥᠪᠯᠡᠷᠡᠯ ᠤᠨ ᠴᠡᠭ ᠪᠣᠯᠪᠠ᠃ ᠯᠢᠶᠣᠤᠨᠢᠩ ᠤᠨ ᠶᠦᠨ ᠬᠠᠶ ᠲᠠᠷᠢᠶᠠᠯᠠᠩ ᠤᠨ ᠬᠢᠵᠠᠭᠠᠷᠲᠤ ᠺᠣᠮᠫᠠᠨᠢ | ᠲᠤᠬᠠᠶ ᠶᠢᠨ ᠭᠠᠵᠠᠷ ᠤᠨ 76 ᠲᠠᠷᠢᠶᠠᠨ ᠭᠤᠸ᠎ᠠ ᠳᠠᠷᠢᠬᠤ ᠡᠷᠦᠬᠡ ᠲᠠᠢ ᠤᠷᠤᠭᠰᠢᠲᠠᠶ ᠭᠡᠷ᠎ᠡ ᠲᠣᠭᠲᠠᠵᠤ᠂ ᠭᠡᠷ᠎ᠡ | ᠲᠣᠭᠲᠠᠭᠰᠠᠨ ᠲᠠᠯᠠᠪᠠᠶ 2000 ᠭᠠᠷᠤᠶ ᠮᠥ ᠳᠤ ᠬᠦᠷᠴᠡᠶ᠃ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠨ | ᠠᠪᠬᠤ ᠦᠨ᠎ᠡ ᠶᠢ 1.2 ᠲᠥᠭᠦᠷᠢᠭ / ᠵᠢᠩ ᠪᠣᠯᠭᠠᠵᠤ᠂ ᠵᠢᠱᠢᠯᠲᠡ ᠪᠠᠷ ᠮᠥ ᠪᠦᠷᠢ ᠶᠢᠨ ᠤᠨᠠᠯᠲᠠ ᠶᠢ 5000— | 5500 ᠵᠢᠩ ᠪᠠᠶᠢᠯᠭᠠᠵᠤ᠂ ᠮᠥ ᠪᠦᠷᠢ ᠶᠢᠨ ᠴᠡᠪᠡᠷ ᠠᠰᠢᠭ ᠬᠤᠨᠵᠢᠪᠣᠷᠢ ᠶᠢ 2000 ᠲᠥᠭᠦᠷᠢᠭ ᠠᠴᠠ ᠳᠡᠭᠡᠭᠰᠢ | ᠪᠠᠶᠢᠯᠭᠠᠨ᠎ᠠ᠃ ᠡᠶᠢᠮᠦᠷᠬᠦ ᠵᠠᠬᠢᠶᠠᠯᠠᠭ᠎ᠠ ᠶᠢᠨ ᠲᠠᠷᠢᠶᠠᠯᠠᠩ ᠤᠨ ᠵᠠᠭᠪᠤᠷ ᠢ ᠪᠠᠶᠢᠭᠤᠯᠤᠭᠰᠠᠨ ᠨᠢ ᠲᠠᠷᠢᠮᠠᠯ ᠤᠨ | ᠡᠷᠦᠬᠡ ᠶᠢᠨ ︽ᠰᠠᠨᠠᠭᠠᠰᠢᠷᠠᠬᠤ︾ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠲᠠᠷᠢᠶᠠᠴᠢᠨ ᠡᠷᠦᠬᠡ ᠶᠢᠨ | ᠰᠠᠨᠠᠭ᠎ᠠ ᠠᠮᠤᠷ ᠲᠠᠷᠢᠵᠤ ᠴᠢᠳᠠᠬᠤ ᠮᠥᠷᠲᠡᠭᠡᠨ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠢ᠃ | ᠮᠡᠷᠭᠡᠵᠢᠯ ᠴᠢᠳᠠᠪᠤᠷᠢ ᠣᠯᠭᠤᠵᠤ ᠂ ᠲᠤᠰᠬᠠᠢ ᠵᠢᠯᠤᠭᠤᠳᠤᠯᠭ᠎ᠠ ᠬᠢᠨ᠎ᠡ | ᠠᠮᠲᠠᠲᠤ ᠬᠡᠮᠬᠡ ᠶᠢᠨ ᠭᠠᠷᠤᠯᠲᠠ ᠪᠣᠯᠤᠨ ᠶᠠᠰᠤ ᠴᠢᠨᠠᠷ ᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ ᠾᠧᠨᠠᠨ ᠤ | ᠢ ᠹᠧᠩ ᠨᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ | ᠶᠡᠷᠦᠩᠬᠡᠢ ᠬᠢᠨᠠᠭᠴᠢ ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ᠂ ᠲᠠᠷᠢᠮᠠᠯ ᠤᠨ ᠡᠷᠦᠬᠡ ᠳᠤ ᠨᠢᠭᠡ | ᠤᠳᠠᠭᠠᠨ ᠤ ᠠᠮᠲᠠᠲᠤ ᠬᠡᠮᠬᠡ ᠲᠠᠷᠢᠬᠤ ᠮᠡᠷᠭᠡᠵᠢᠯ ᠤᠨ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠯ ᠤᠨ ᠠᠭᠤᠯᠭ᠎ᠠ ᠳᠤ | ᠲᠥᠷᠥᠯ ᠵᠦᠢᠯ ᠤᠨ ᠰᠣᠩᠭᠤᠯᠲᠠ᠂ ᠲᠠᠷᠢᠶᠠᠨ ᠭᠠᠵᠠᠷ ᠤᠨ ᠬᠠᠮᠢᠶᠠᠷᠤᠯᠲᠠ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠵᠡᠷᠭᠡ ᠣᠯᠠᠨ ᠲᠠᠯ᠎ᠠ ᠶᠢ ᠬᠠᠮᠤᠷᠴᠤ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠨᠢ | ᠲᠠᠷᠢᠮᠠᠯ ᠤᠨ ᠡᠷᠦᠬᠡ ᠶᠢᠨ ᠡᠯᠪᠡᠭ ᠬᠤᠷᠢᠶᠠᠯᠲᠠ ᠶᠢ ᠨᠢ ᠨᠡᠮᠡᠭᠳᠡᠭᠦᠯᠵᠦ᠂ ᠠᠮᠲᠠᠲᠤ ᠬᠡᠮᠬᠡ ᠶᠢᠨ ᠴᠢᠨᠠᠷ ᠰᠠᠶᠢᠲᠠᠶ | ᠥᠨᠳᠥᠷ ᠤᠨᠠᠯᠲᠠ ᠶᠢ ᠪᠡᠶᠡᠯᠡᠭᠦᠯᠬᠦ ᠳᠤ ᠬᠦᠴᠦᠲᠡᠶ ᠮᠡᠷᠭᠡᠵᠢᠯ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠬᠦᠷᠦᠰᠦ ᠰᠢᠷᠣᠢ ᠶᠢ ᠰᠢᠨᠵᠢᠯᠡᠬᠦ ᠤᠬᠠᠭᠠᠨᠴᠢ ᠪᠠᠷ ᠬᠡᠮᠵᠢᠵᠦ᠂ ᠨᠠᠷᠢᠯᠢᠭ ᠣᠨᠣᠪᠴᠢᠲᠠᠢ ᠪᠠᠷ ᠲᠠᠷᠢᠨ᠎ᠠ | ᠭᠡᠷ᠎ᠡ ᠲᠣᠭᠲᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠮᠡᠷᠭᠡᠵᠢᠯ ᠤᠨ ᠪᠦᠯᠬᠦᠮ ᠲᠠᠷᠢᠮᠠᠯ ᠤᠨ ᠡᠷᠦᠬᠡ ᠲᠠᠢ | ᠬᠠᠮᠲᠤ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠰᠢᠷᠣᠶ ᠰᠢᠯᠭᠠᠬᠤ ᠠᠵᠢᠯ ᠥᠷᠨᠢᠭᠦᠯᠪᠡ | ᠃ ᠬᠥᠷᠥᠰᠥ ᠰᠢᠷᠣᠶ ᠶᠢᠨ ᠪᠦᠷᠢᠯᠳᠦᠬᠦᠨ ᠢ ᠰᠢᠨᠵᠢᠯᠡᠬᠦ ᠤᠬᠠᠭᠠᠨᠴᠢ ᠪᠠᠷ ᠰᠢᠯᠭᠠᠨ ᠪᠠᠶᠢᠴᠠᠭᠠᠬᠤ ᠪᠠᠷ ᠳᠠᠮᠵᠢᠭᠤᠯᠤᠨ᠂ | ᠬᠥᠷᠥᠰᠥ ᠰᠢᠷᠣᠶ ᠶᠢᠨ ᠪᠣᠷᠳᠣᠭᠤᠷ᠂ ᠬᠦᠴᠢᠯᠯᠢᠭ ᠱᠦᠯᠲᠦ ᠶᠢᠨ ᠬᠡᠮᠵᠢᠶ᠎ᠡ ᠵᠡᠷᠭᠡ ᠵᠠᠩᠭᠢᠯᠠᠭ᠎ᠠ ᠶᠢᠨ ᠲᠤᠭ᠎ᠠ | ᠪᠠᠷᠢᠮᠲᠠ ᠶᠢ ᠣᠯᠵᠤ᠂ ᠡᠭᠦᠨ ᠤ ᠤᠯᠠᠮ ᠢᠶᠠᠷ ᠲᠣᠰ ᠭᠠᠵᠠᠷ ᠤᠨ ᠳᠠᠷᠢᠬᠤ ᠳᠤ ᠳᠣᠭᠢᠷᠠᠬᠤ ᠬᠠᠮᠢ᠂ ᠲᠠᠮᠠᠬᠢᠨ | ᠲᠥᠮᠥᠰᠥ᠂ ᠮᠠ ᠱᠠ ᠯᠢ ᠵᠡᠷᠭᠡ ᠡᠭᠦᠯᠳᠡᠷ ᠢ ᠲᠣᠭᠲᠠᠭᠠᠬᠤ ᠶᠢᠨ ᠬᠠᠮᠲᠤ ᠨᠠᠷᠢᠯᠢᠭ ᠣᠨᠤᠪᠴᠢᠲᠠᠢ ᠪᠠᠷ ᠪᠣᠷᠳᠣᠭᠤᠷ | ᠣᠷᠣᠭᠤᠯᠬᠤ ᠲᠥᠰᠦᠯ ᠢ ᠲᠣᠭᠲᠠᠭᠠᠨ᠎ᠠ᠃ ᠡᠨᠡ ᠬᠦ ᠠᠷᠭ᠎ᠠ ᠬᠡᠮᠵᠢᠶ᠎ᠡ ᠨᠢ ᠪᠤᠷᠳᠤᠭᠤᠷ ᠤᠨ ᠠᠰᠢᠭᠯᠠᠯᠲᠠ ᠶᠢᠨ | ᠨᠤᠷᠮ᠎ᠠ ᠶᠢ ᠳᠡᠭᠡᠭᠰᠢᠯᠡᠭᠦᠯᠵᠦ᠂ ᠲᠠᠷᠢᠮᠠᠯ ᠤᠨ ᠥᠪᠡᠷ ᠤᠨ ᠦᠷᠳᠡᠭ ᠢ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ | ᠬᠡᠳᠦ ᠪᠤᠷᠳᠤᠭᠤᠷ ᠣᠷᠣᠭᠤᠯᠬᠤ ᠨᠢ ᠬᠥᠷᠥᠰᠥ ᠰᠢᠷᠣᠢ ᠶᠢ ᠪᠣᠬᠢᠷᠲᠤᠭᠤᠯᠬᠤ ᠠᠴᠠ ᠪᠦᠲᠦᠮᠵᠢᠲᠡᠢ ᠵᠠᠶᠢᠯᠠᠰᠬᠢᠵᠦ᠂ | ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ | ᠢᠷᠡᠭᠡᠳᠦᠢ ᠳᠤ᠂ ᠰᠢᠩ ᠯᠦᠩ ᠸᠠ ᠪᠠᠯᠭᠠᠰᠤ ᠶᠢᠨ ᠬᠢᠨ ᠠᠮᠲᠠᠲᠤ ᠬᠡᠮᠬᠡ ᠶᠢ ᠨᠠᠷᠢᠯᠢᠭ ᠡᠳ᠋ᠰᠢᠭᠦᠯᠬᠦ | ᠦᠢᠯᠡᠳᠪᠦᠷᠢᠯᠡᠯ ᠤᠨ ᠱᠤᠭᠤᠮ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢ ᠴᠢᠨᠠᠭᠰᠢᠳᠠ ᠤᠷᠲᠤᠳᠬᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠠᠩ ᠭᠠᠭᠴᠠ | ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠠᠴᠠ ᠲᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ | ᠴᠤᠬᠴᠠᠵᠢᠭᠤᠯᠤᠨ ᠡᠵᠡᠩᠨᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠠᠮᠲᠠᠲᠤ ᠬᠡᠮᠬᠡ ᠪᠠᠷ ᠰᠢᠩ ᠯᠦᠩ ᠸᠠ | ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ᠂ ᠲᠠᠷᠢᠶᠠᠴᠢᠳ ᠢ ᠪᠠᠶᠠᠵᠢᠭᠤᠯᠬᠤ ︽ᠠᠯᠲᠠᠨ | ᠲᠣᠪᠴᠢ︾ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ |