ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ︽  ᠰᠦᠷ ᠬᠦᠴᠦᠨᠲᠦ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/3/17
    ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠲᠤᠭᠤᠰᠢᠯᠠᠭᠤᠯᠬᠤ ᠶᠢᠨ ᠲᠥᠯᠥᠭᠡ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ᠬᠤᠲᠠ ᠶᠢᠨ ᠲᠣᠪᠴᠢᠶ᠎ᠠ ᠶᠢᠨ 2025 ᠣᠨ ᠤ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ︽ᠰᠦᠷ ᠬᠦᠴᠦᠨᠲᠦ  ᠠᠵᠢᠯᠯᠠᠭ᠎ᠠ︾ ᠶᠢ ᠠᠬᠢᠭᠤᠯᠬᠤ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 14 ᠤ ᠡᠳᠦᠷ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ︽ᠰᠦᠷ ᠬᠦᠴᠦᠨᠲᠦ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠢᠳᠡᠭᠡᠨ ᠤ ᠠᠮᠤᠷ ᠲᠦᠪᠰᠢᠨ ᠤ ︽ᠰᠦᠷ ᠬᠦᠴᠦᠨᠲᠦ ᠠᠵᠢᠯᠯᠠᠭ᠎ᠠ︾ ᠶᠢ ᠥᠷᠨᠢᠭᠦᠯᠬᠦ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠣᠪᠴᠢᠶᠠᠨ ᠤ ᠤᠳᠤᠷᠢᠳᠬᠤ ᠪᠠᠭ᠂ ᠲᠣᠪᠴᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃    ᠬᠤᠷᠠᠯ ᠠᠴᠠ᠂ ︽ᠰᠦᠷ ᠬᠦᠴᠦᠨᠲᠦ ᠠᠵᠢᠯᠯᠠᠭ᠎ᠠ︾ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠢᠳᠡᠭᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠤ ᠠᠵᠤ ᠦᠢᠯᠡᠰ ᠤᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ  ᠣᠨᠤᠪᠴᠢᠲᠠᠢ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠂ ᠲᠤᠰ ᠤᠳᠠᠭᠠᠨ ᠤ ︽ᠰᠦᠷ ᠬᠦᠴᠦᠨᠲᠦ ᠠᠵᠢᠯᠯᠠᠭ᠎ᠠ︾ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠢᠯ ᠤᠨ ᠱᠠᠭᠠᠷᠳᠠᠯᠭ᠎ᠠ ᠶᠢ ᠳᠠᠭᠠᠬᠤ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠠᠷᠳᠠᠬᠤ ᠴᠡᠭ ᠢ ᠣᠨᠣᠪᠴᠢᠲᠠᠢ ᠣᠯᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠵᠠᠭᠠᠷᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶᠡᠨ ᠥᠷᠲᠡᠭᠡ᠂ ᠸᠢᠴᠠᠲ ᠵᠡᠷᠭᠡ ᠡᠯ᠎ᠡ ᠵᠦᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠬᠡᠷᠡᠭᠯᠡᠭᠡ ᠶᠢᠨ ᠰᠡᠷᠡᠮᠵᠢᠯᠡᠭᠦᠯᠦᠯ ᠪᠠ ᠤᠬᠠᠭᠤᠯᠭ᠎ᠠ ᠶᠢᠨ ᠤᠷᠢᠶ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠪᠦᠬᠦ ᠨᠡᠶᠢᠭᠡᠮ ᠢᠶᠠᠷ ᠢᠶᠠᠨ ᠢᠳᠡᠪᠬᠢᠲᠡᠶ ᠣᠷᠣᠯᠴᠠᠬᠤ ᠶᠢ ᠬᠥᠲᠥᠯᠥᠨ ᠵᠢᠯᠣᠭᠤᠳᠴᠤ᠂ ᠠᠵᠢᠯᠯᠠᠭ᠎ᠠ ᠶᠢᠨ ᠦᠷ᠎ᠡ ᠪᠦᠲᠦᠮᠵᠢ ᠶᠢ ᠥᠷᠭᠡᠳᠬᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠪᠥᠬᠦ ᠲᠠᠯ᠎ᠠ ᠶᠢᠨ᠂ ᠪᠥᠬᠦ ᠶᠠᠪᠤᠴᠠ ᠪᠠᠷ ᠴᠢᠩᠭ᠎ᠠ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠤᠨ᠂ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠪᠠᠨ ᠨᠡᠮᠡᠭᠳᠡᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠭᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠂ ᠵᠥᠪ ᠲᠠᠯ᠎ᠠ ᠪᠠ ᠨᠠᠵᠠᠭᠠᠶ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠢᠳᠡᠭᠡᠨ ᠤ ᠠᠵᠤ ᠠᠬᠤᠶᠢᠯᠠᠯ ᠳᠤ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号