| 3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ | ᠭᠤᠤᠯ ᠬᠠᠷᠢᠭᠤᠴᠠᠯᠭᠠᠲᠠᠨ ᠢ ᠳᠠᠭᠠᠭᠤᠯᠤᠨ ᠪᠠᠶᠢᠰᠡ ᠶᠢᠨ ᠬᠤᠷᠢᠶ᠎ᠠ ᠪᠠᠯᠭᠠᠰᠤ᠂ ᠰᠢᠩ ᠯᠦᠩ ᠸᠠ ᠪᠠᠯᠭᠠᠰᠤ ᠵᠡᠷᠭᠡ | ᠭᠤᠤᠯᠳᠠᠯᠭ᠎ᠠ ᠲᠠᠢ ᠭᠠᠯ ᠰᠡᠷᠭᠡᠶᠢᠯᠡᠬᠦ ᠰᠢᠶᠠᠩ ᠪᠠᠯᠭᠠᠰᠤᠨ ᠳᠤ ᠬᠦᠷᠴᠦ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠨᠲᠠᠷᠠᠭᠠᠬᠤ ᠠᠵᠢᠯ ᠢ ᠪᠠᠶᠢᠴᠠᠭᠠᠨ ᠵᠢᠯᠣᠭᠤᠳᠪᠠ᠃ | | | | ᠮᠠ ᠯᠢ ᠬᠤᠸᠠ ᠨᠠᠷ ᠤᠷᠢᠳ ᠬᠤᠵᠢᠳ ᠪᠠᠶᠢᠰᠡ ᠶᠢᠨ ᠬᠤᠷᠢᠶ᠎ᠠ ᠪᠠᠯᠭᠠᠰᠤᠨ ᠤ ᠯᠢᠦ ᠵᠢᠶᠠ ᠸᠠᠨ ᠽᠢ ᠲᠣᠰᠬᠤᠨ᠂ | ᠰᠢᠩ ᠯᠦᠩ ᠸᠠ ᠪᠠᠯᠭᠠᠰᠤᠨ ᠤ ᠰᠢᠨ ᠳ᠋ᠢ ᠲᠣᠰᠬᠤᠨ ᠤ ᠭᠠᠯ ᠰᠡᠷᠭᠡᠶᠢᠯᠡᠬᠦ ᠡᠮᠦᠨᠡᠬᠢ ᠴᠡᠭ᠂ ᠦ᠋ ᠵᠢᠶᠠ ᠸᠧ ᠫᠦ᠋ | ᠪᠠᠷᠠᠭᠤᠨ ᠠᠭᠤᠯᠠ ᠵᠡᠷᠭᠡ ᠭᠠᠵᠠᠷ ᠲᠤ ᠬᠦᠷᠴᠦ᠂ ᠬᠠᠮᠢᠶ᠎ᠠ ᠪᠥᠬᠦᠶ ᠠᠵᠢᠯᠲᠠᠨ ᠤ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠶ ᠰᠣᠨᠤᠰᠬᠤ ᠶᠢᠨ ᠬᠠᠮᠲᠤ ᠡᠯ᠎ᠡ ᠰᠢᠶᠠᠩ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠤᠨᠲᠠᠷᠠᠭᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠭᠠᠯ ᠤᠨ ᠢᠷᠡᠯᠲᠡ ᠶᠢ | ᠬᠠᠮᠢᠶᠠᠷᠤᠨ ᠡᠵᠡᠮᠳᠡᠭᠰᠡᠨ ᠪᠠ ᠡᠳ᠋ ᠪᠣᠳᠠᠰ ᠤᠨ ᠨᠥᠭᠡᠴᠡ ᠵᠢᠴᠢ ᠵᠢᠵᠢᠭᠦᠷᠯᠡᠨ ᠰᠠᠬᠢᠵᠤ ᠪᠠᠶᠢᠭ᠎ᠠ ᠵᠡᠷᠭᠡ ᠪᠠᠶᠢᠳᠠᠯ ᠢ | ᠨᠠᠷᠢᠨ ᠬᠢᠨᠠᠮᠠᠭᠠᠶ ᠣᠶᠢᠯᠠᠭᠠᠪᠠ᠃ | ᠮᠠ ᠯᠢ ᠬᠤᠸᠠ ᠂ ᠡᠨᠡ ᠬᠠᠪᠤᠷ ᠠᠴᠠ ᠨᠠᠰᠢ᠂ ᠪᠥᠬᠦ ᠬᠤᠰᠢᠭᠤᠨ ᠤ ᠬᠤᠷ᠎ᠠ ᠲᠣᠨᠣᠳᠠᠰᠤ ᠶᠢᠨ ᠬᠡᠮᠵᠢᠶ᠎ᠡ | ᠪᠠᠭ᠎ᠠ ᠂ ᠳᠡᠭᠡᠷ᠎ᠡ ᠨᠢ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ᠂ ᠲᠠᠬᠢᠯᠭ᠎ᠠ ᠳᠤ ᠭᠠᠯ ᠬᠡᠷᠡᠭᠯᠡᠬᠦ ᠪᠠ ᠶᠡᠭᠡ | ᠰᠠᠯᠬᠢ ᠲᠠᠢ ᠴᠠᠭ ᠠᠭᠤᠷ ᠵᠡᠷᠭᠡ ᠣᠯᠠᠨ ᠠᠷᠪᠢᠨ ᠠᠶᠤᠯ ᠲᠦᠭᠰᠢᠭᠦᠷᠢ ᠶᠢᠨ ᠬᠦᠴᠦᠨ ᠵᠦᠢᠯ ᠳᠠᠪᠬᠤᠴᠠᠵᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠳᠠᠯᠳᠠ ᠬᠡᠮ ᠥᠨᠳᠥᠷ᠂ ᠭᠠᠯ ᠰᠡᠷᠭᠡᠶᠢᠯᠡᠬᠦ ᠤᠨᠲᠠᠷᠠᠭᠠᠬᠤ | ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ | ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠴᠠᠯᠠᠭᠠᠶᠢᠷᠠᠵᠤ ᠪᠣᠯᠬᠤ ᠦᠭᠡᠢ᠂ ᠭᠠᠯ ᠰᠡᠷᠭᠡᠶᠢᠯᠡᠬᠦ ᠤᠨᠲᠠᠷᠠᠭᠠᠬᠤ ᠠᠵᠢᠯ ᠢ | ᠴᠠᠭ ᠢᠮᠠᠭᠲᠠ ᠴᠢᠩᠭ᠎ᠠ ᠠᠳᠬᠤᠵᠤ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠵᠢᠭᠠᠨ | ᠭᠠᠷᠭᠠᠪᠠ᠃ | | | | | ᠮᠠ ᠯᠢ ᠬᠤᠸᠠ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠲᠣᠳᠣᠷᠬᠠᠶᠢᠯᠠᠬᠤ ᠬᠡᠷᠡᠭᠲᠡᠢ᠃ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ | ᠤᠨᠲᠠᠷᠠᠭᠠᠬᠤ ᠬᠠᠷᠢᠭᠤᠴᠠᠯᠭ᠎ᠠ ᠶᠢ ᠬᠤᠪᠢ ᠬᠥᠮᠦᠨ᠂ ᠭᠠᠵᠠᠷ ᠤᠨ ᠬᠡᠰᠡᠭ ᠲᠤ ᠬᠦᠷᠲᠡᠯ᠎ᠡ᠂ ᠴᠠᠭ ᠬᠤᠭᠤᠴᠠᠭ᠎ᠠ | ᠬᠦᠷᠲᠡᠯ᠎ᠡ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ᠂ ᠭᠠᠵᠠᠷ ᠢ ᠬᠠᠮᠠᠭᠠᠯᠠᠬᠤ ᠬᠥᠮᠦᠨ ᠲᠠᠢ | ᠂ ᠬᠡᠷᠡᠭ ᠶᠠᠪᠤᠳᠠᠯ ᠢ ᠬᠠᠮᠢᠶᠠᠷᠬᠤ ᠬᠥᠮᠦᠨ ᠲᠠᠢ ᠪᠠᠶᠢᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠣᠤᠷ ᠢ ᠨᠢᠭᠲᠠ | ᠰᠦᠯᠵᠢᠬᠦ ᠬᠡᠷᠡᠭᠲᠡᠶ᠃ ᠤᠬᠠᠭᠤᠯᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠤᠬᠠᠮᠰᠠᠷ ᠢ ᠳᠡᠭᠡᠭᠰᠢᠯᠡᠭᠦᠯᠬᠦ | ᠬᠡᠷᠡᠭᠲᠡᠢ᠃ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠵᠠᠭᠤᠴᠢᠯᠠᠭᠤᠷ ᠢ | ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠨᠲᠠᠷᠠᠭᠠᠬᠤ ᠮᠡᠳᠡᠯᠭᠡ ᠪᠠ ᠠᠤᠬᠠᠨ | ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ | ᠥᠷᠭᠡᠨ ᠢᠶᠠᠷ ᠤᠬᠠᠭᠤᠯᠵᠤ᠂ ᠭᠠᠯ ᠰᠡᠷᠭᠡᠶᠢᠯᠡᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ︔ ᠭᠤᠣᠯᠳᠠᠯᠭ᠎ᠠ ᠶᠢ ᠳᠣᠪᠤᠶᠢᠯᠭᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ ᠬᠡᠷᠡᠭᠲᠡᠢ᠃ ᠵᠠᠩᠭᠢᠯᠠᠭ᠎ᠠ ᠶᠢᠨ ᠭᠠᠵᠠᠷ ᠤᠨ ᠬᠡᠰᠡᠭ᠂ ᠣᠷᠣᠨ ᠪᠦᠰᠡ ᠶᠢᠨ ᠭᠠᠯ ᠰᠡᠷᠭᠡᠶᠢᠯᠡᠬᠦ | ᠪᠣᠭᠤᠮᠲᠠ ᠶᠢ ᠪᠠᠶᠢᠴᠠᠭᠠᠬᠤ᠂ ᠢᠳᠬᠠᠨ ᠬᠤᠷᠢᠭᠯᠠᠬᠤ ᠠᠵᠢᠯ ᠢ ᠰᠠᠶᠢᠲᠤᠷ ᠬᠢᠵᠦ᠂ ᠡᠰᠢ ᠰᠦᠷᠡᠯ ᠰᠢᠲᠠᠭᠠᠬᠤ ᠪᠠ | ᠲᠠᠬᠢᠯᠭ᠎ᠠ ᠶᠢᠨ ᠬᠥᠮᠦᠰ ᠢ ᠴᠠᠭ ᠲᠤᠬᠠᠶ ᠳᠤᠨᠢ ᠢᠳᠬᠠᠵᠤ᠂ ᠭᠠᠯ ᠤᠨ ᠲᠥᠷᠥᠯ ᠢ ᠠᠭᠤᠯᠠᠨ ᠣᠢ ᠳᠤ | ᠣᠷᠣᠭᠤᠯᠬᠤ ᠶᠢ ᠡᠷᠡᠰ ᠬᠤᠷᠢᠭᠯᠠᠵᠤ᠂ ᠴᠠᠭᠠᠵᠠᠯᠠᠯ ᠠᠴᠠ ᠵᠥᠷᠢᠴᠡᠭᠰᠡᠳ ᠢ ᠵᠠᠯᠬᠠᠭᠠᠨ ᠰᠢᠳᠬᠡᠬᠦ ᠡᠷᠴᠢᠮ ᠢᠶᠠᠨ | ᠴᠢᠩᠭᠠᠷᠠᠭᠤᠯᠵᠤ᠂ ᠰᠦᠷᠳᠡᠭᠦᠯᠬᠦ ᠬᠦᠴᠦᠨ ᠢᠶᠠᠨ ᠨᠡᠮᠡᠭᠳᠡᠭᠦᠯᠬᠦ ᠬᠡᠷᠡᠭᠲᠡᠶ᠃ ᠵᠢᠵᠢᠭᠦᠷᠯᠡᠨ ᠰᠠᠬᠢᠬᠤ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ ᠰᠡᠷᠭᠡᠶᠢᠯᠡᠬᠦ | ᠬᠤᠭᠤᠴᠠᠭᠠᠨ ᠳᠤ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠤᠨ ᠠᠶᠤᠯ | ᠭᠠᠷᠤᠮᠠᠭᠴᠠ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠴᠠᠭ ᠲᠤᠬᠠᠶ ᠳᠤᠨᠢ ᠮᠡᠳᠡᠭᠦᠯᠵᠦ᠂ ᠡᠷᠲᠡ ᠣᠨᠳᠠᠷᠠᠭᠠᠬᠤ᠂ | ᠪᠠᠭ᠎ᠠ ᠳᠡᠭᠡᠷ᠎ᠡ ᠨᠢ ᠤᠨᠲᠠᠷᠠᠭᠠᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ︵ᠰᠣᠷᠪᠤᠯᠵᠢᠯᠠᠬᠴᠢ ᠄ | ᠸᠧᠢ ᠵᠢᠶᠠ ᠶᠠᠨ ᠴᠢᠮᠡᠭᠡᠯᠡᠭᠴᠢ ᠄ ᠰᠢᠤᠸᠠᠢ ᠹᠦ᠋ ᠶᠤᠸᠠᠨ |