| ᠣᠶᠢᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠠᠤᠬᠠᠨ ᠤ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠠᠤᠬᠠᠨ ᠤ | ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠳᠠᠭᠠᠭᠠᠴᠢᠯᠠᠨ ᠡᠷᠭᠢᠯᠡᠭᠰᠡᠨ ︽ᠬᠠᠤᠯᠢ ᠪᠤᠰᠤ ᠪᠠᠷ ᠪᠠᠯᠠ | ᠴᠤᠭᠯᠠᠭᠤᠯᠬᠤ ᠠᠴᠠ ᠵᠠᠶᠢᠳᠠᠭᠤ ᠪᠠᠶᠢᠵᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ︾ ᠭᠤᠤᠯ | ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠸᠠᠨ ᠴᠢᠶᠠᠩ ᠠᠶᠠᠨᠴᠢᠳ ᠤᠨ ᠲᠡᠭᠡᠭᠡᠪᠦᠷᠢ ᠶᠢᠨ ᠲᠠᠯᠠᠪᠠᠶ ᠳᠤ | ᠬᠥᠰᠢᠭᠡ ᠪᠠᠨ ᠰᠡᠬᠦᠵᠦ᠂ ᠭᠤᠤᠯ ᠰᠡᠳᠦᠪᠲᠦ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠪᠠ᠃ | ᠡᠭᠦᠨ ᠤ ᠬᠠᠮᠲᠤ᠂ ᠬᠠᠷᠢᠶ᠎ᠠ ᠣᠷᠣᠨ ᠤ ᠳᠣᠲᠣᠷᠠᠬᠢ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ | 30 ᠡᠵᠡᠩᠨᠡᠯᠲᠡ ᠶᠢᠨ ᠲᠣᠤᠷ ᠴᠡᠭ ᠨᠢ LED ᠳᠡᠯᠭᠡᠴᠡ ᠶᠢ ᠠᠰᠢᠭᠯᠠᠨ ︽ᠬᠠᠤᠯᠢ ᠪᠤᠰᠤ ᠪᠠᠷ ᠪᠠᠯᠠ | ᠴᠤᠭᠯᠠᠭᠤᠯᠬᠤ ᠠᠴᠠ ᠵᠠᠶᠢᠳᠠᠭᠤ ᠪᠠᠶᠢᠵᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ︾᠂ ︽ᠣᠷᠣᠯᠠᠨ | ᠡᠷᠬᠡ ᠠᠰᠢᠭ ᠢ ᠬᠠᠮᠠᠭᠠᠯᠠᠬᠤ ᠤᠨᠠᠭᠤᠯᠢ ᠠᠴᠠ ᠰᠡᠷᠭᠡᠶᠢᠯᠡᠬᠦ︾ ᠵᠡᠷᠭᠡ ᠤᠷᠢᠶ᠎ᠠ ᠯᠣᠽᠦ᠋ᠩ ᠢ ᠦᠷᠭᠦᠯᠵᠢᠯᠡᠨ | ᠰᠠᠨᠠᠭᠤᠯᠵᠤ᠂ ᠲᠢᠩᠬᠢᠮ ᠤᠨ ᠵᠢᠪᠦᠮᠡᠯ ᠰᠤᠷᠭᠠᠨ ᠬᠥᠮᠦᠵᠢᠯ ᠢ ᠥᠷᠨᠢᠭᠦᠯᠵᠦ᠂ ︽ᠨᠢᠭᠡ ᠨᠠᠰᠤᠲᠠᠨ ᠨᠢᠭᠡ ᠪᠠᠭ᠎ᠠ ᠨᠢᠭᠡ | ᠰᠢᠨ᠎ᠡ︾ ᠬᠠᠮᠲᠤᠯᠢᠭ ᠲᠤ ᠤᠬᠠᠭᠤᠯᠭ᠎ᠠ ᠶᠢᠨ ᠠᠭᠤᠯᠭ᠎ᠠ ᠶᠢ ᠵᠢᠷᠤᠭᠯᠠᠨ ᠲᠥᠯᠥᠪᠯᠡᠵᠦ᠂ ᠵᠢᠱᠢᠶᠡᠯᠡᠪᠡᠯ | ᠨᠠᠰᠤᠲᠠᠶᠢᠴᠤᠳ ᠲᠤ ︽ᠬᠡᠷ ᠪᠠᠶᠢᠰᠢᠩ ᠤᠨ ᠨᠠᠰᠤᠵᠢᠯ ᠤᠨ ᠠᠰᠠᠷᠠᠮᠵᠢ︾ ᠶᠢᠨ ᠮᠡᠬᠡᠯᠡᠯ ᠢ ᠢᠯᠭᠠᠨ ᠲᠠᠨᠢᠬᠤ ᠤᠷ᠎ᠠ | ᠮᠡᠷᠭᠡᠵᠢᠯ ᠢ ᠲᠠᠶᠢᠯᠪᠤᠷᠢᠯᠠᠨ ᠥᠭᠴᠦ᠂ ᠵᠠᠯᠠᠭᠤᠴᠤᠳ ᠪᠠᠭᠠᠴᠤᠳ ᠲᠤ ᠰᠤᠷᠭᠠᠭᠤᠯᠢ ᠶᠢᠨ ᠬᠦᠷᠢᠶᠡᠨ ᠤ | ᠵᠢᠭᠡᠯᠡᠯᠭᠡ ᠶᠢᠨ ᠲᠦᠭᠰᠢᠭᠦᠷᠢ ᠶᠢ ᠲᠦᠭᠡᠮᠡᠯᠵᠢᠭᠦᠯᠦᠨ᠂ ᠨᠠᠷᠢᠯᠢᠭ ᠣᠨᠤᠪᠴᠢᠲᠠᠢ ᠮᠡᠳᠡᠯᠭᠡ ᠬᠦᠷᠭᠡᠪᠡ᠃ | ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 800 ᠭᠠᠷᠤᠶ ᠬᠤᠪᠢ | ᠲᠠᠷᠬᠠᠭᠠᠵᠤ᠂ ᠬᠡᠷᠡᠭᠯᠡᠭᠴᠢᠳ ᠤᠨ ᠯᠠᠪᠯᠠᠭ᠎ᠠ ᠶᠢ 200 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠰᠠᠶᠢᠨ | ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃ ᠡᠶ᠎ᠡ ᠵᠣᠬᠢᠴᠠᠩᠭᠤᠢ᠂ ᠲᠣᠭᠲᠠᠭᠤᠨ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃ | |