2025 ᠣᠨ ᠤ 2 ᠰᠠᠷ᠎ᠠ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/3/18
     1—2 ᠰᠠᠷ᠎ᠠ ᠳᠤ᠂ ᠪᠦᠬᠦ ᠬᠤᠰᠢᠭᠤᠨ ᠤ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 2.8% ᠪᠠᠶᠢᠵᠤ᠂ ᠪᠥᠬᠦ ᠬᠤᠲᠠ ᠶᠢᠨ 11 ᠳ᠋ᠤᠭᠠᠷ ᠲᠤ ᠪᠠᠶᠢᠷᠢᠯᠠᠵᠤ ᠪᠠᠶᠢᠨ᠎ᠠ᠃ ᠭᠤᠷᠪᠠᠨ ᠲᠣᠮᠣ ᠲᠥᠷᠥᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 100 % ᠪᠠᠷ ᠪᠠᠭᠤᠷᠠᠵᠤ᠂  ᠦᠢᠯᠡᠳᠬᠦ ᠦᠢᠯᠡᠰ  ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 8.6 % ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9. 7 % ᠪᠠᠷ ᠪᠠᠭᠤᠷᠠᠪᠠ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 10 ᠠᠵᠢᠯ ᠲᠥᠷᠥᠯ ᠤᠨ ᠶᠡᠭᠡ ᠲᠥᠷᠥᠯ ᠳᠠᠬᠢ 5 ᠠᠵᠢᠯ ᠲᠥᠷᠥᠯ ᠤᠨ ᠨᠡᠮᠡᠭᠳᠡᠯ ᠥᠷᠲᠡᠭ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠲᠠᠯᠠᠪᠠᠶ ᠨᠢ 50 % ᠳᠤ ᠬᠦᠷᠴᠦ᠂ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠶ ᠬᠡᠶ ᠮᠠᠯᠲᠠᠬᠤ ᠦᠢᠯᠡᠰ100 % ᠳᠤ ᠬᠦᠷᠴᠦ᠂ ᠲᠠᠷᠢᠶᠠᠯᠠᠩ ᠲᠤᠰᠠᠯᠠᠬᠤ ᠢᠳᠡᠭᠡᠨ ᠡᠳ᠋ᠰᠢᠭᠦᠯᠬᠦ  ᠦᠢᠯᠡᠰ 5.2 % ᠢᠶᠠᠷ ᠨᠡᠮᠡᠭᠳᠡᠵᠦ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ  ᠦᠢᠯᠡᠰ 50.8 % ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ 3.7 % ᠪᠠᠷ ᠨᠡᠮᠡᠭᠳᠡᠵᠦ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号