| | | | | ᠣᠷᠴᠢᠮᠬᠠᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ | ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠨᠡᠷᠡᠰ ᠤᠨ | ᠬᠠᠮᠢᠶᠠᠷᠤᠯᠲᠠ ᠶᠢᠨ ᠠᠷᠭ᠎ᠠ︾ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠬᠠᠳᠠ | ᠬᠤᠲᠠ ᠶᠢᠨ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠨᠤᠭᠤ ᠭᠠᠵᠠᠷ ᠤᠨ ᠬᠠᠮᠠᠭᠠᠯᠠᠯᠲᠠ | ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ᠤᠨ ᠬᠠᠮᠢᠶ᠎ᠠ ᠪᠥᠬᠦᠶ ᠲᠣᠭᠲᠠᠭᠠᠯ | ᠶᠣᠰᠣᠭᠠᠷ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠵᠤ ᠮᠠᠭᠠᠳᠯᠠᠨ | ᠲᠣᠭᠲᠠᠭᠠᠵᠤ᠂ ᠠᠤᠬᠠᠨ ᠬᠤᠰᠢᠭᠤᠨ ᠤ ᠤᠯᠠᠭᠠᠬᠤᠰᠤ ᠴᠥᠭᠦᠷᠥᠮ ᠢ ᠵᠢᠵᠢᠭ ᠨᠤᠭᠤ ᠭᠠᠵᠠᠷ ᠪᠣᠯᠭᠠᠵᠤ᠂ ᠲᠠᠯᠠᠪᠠᠶ ᠨᠢ 7. | 98 ᠾᠧᠺᠲ᠋ᠠᠷ ᠪᠣᠯᠤᠨ᠎ᠠ᠃ | | | | | | | | | ᠠᠤᠬᠠᠨ ᠬᠤᠰᠢᠭᠤᠨ ᠤ ᠬᠢᠯᠢ ᠳᠤ ᠭᠤᠷᠪᠠᠨ ᠭᠤᠤᠯ ᠤᠷᠤᠰᠬᠠᠯ ᠪᠠᠶᠢᠵᠤ᠂ ᠲᠤᠰ ᠪᠦᠷᠢ ᠰᠧ ᠳ᠋ᠤᠤ ᠸᠠᠨᠽᠢ ᠪᠠᠯᠭᠠᠰᠤ᠂ | ᠰᠠᠯᠪᠤᠷᠢ ᠰᠢᠶᠠᠩ᠂ ᠭᠤᠷᠪᠠᠨᠬᠤᠸᠠ ᠪᠠᠯᠭᠠᠰᠤ ᠪᠤᠯᠤᠨ ᠤᠷᠤᠢ ᠶᠢᠨ ᠰᠦᠮ᠎ᠡ ᠰᠤᠮᠤ ᠪᠠᠷ ᠤᠷᠤᠰᠤᠨ ᠦᠩᠭᠡᠷᠡᠬᠦ ᠯᠤᠤᠬ᠎ᠠ ᠶᠢᠨ | ᠭᠤᠤᠯ᠂ ᠰᠢᠨᠾᠦ᠋ᠢ ᠪᠠᠯᠭᠠᠰᠤ᠂ ᠮᠠᠨᠢᠬᠠᠨ ᠰᠢᠶᠠᠩ ᠪᠤᠯᠤᠨ ᠮᠤᠳᠤᠨ ᠠᠶᠢᠯ ᠰᠢᠶᠠᠩ ᠢᠶᠠᠷ ᠤᠷᠤᠰᠤᠨ ᠦᠩᠭᠡᠷᠡᠬᠦ ᠮᠦᠩᠭᠡ | ᠭᠤᠤᠯ ᠪᠤᠯᠤᠨ ᠴᠠᠩ ᠭᠧᠤ ᠯᠢᠶᠠᠩ ᠪᠠᠯᠭᠠᠰᠤ ᠂ ᠪᠠᠶᠢᠰᠡ ᠶᠢᠨ ᠬᠤᠷᠢᠶ᠎ᠠ ᠪᠠᠯᠭᠠᠰᠤ᠂ ᠨᠦᠬᠡᠲᠦ ᠪᠠᠯᠭᠠᠰᠤ ᠪᠤᠯᠤᠨ ᠰᠢᠶᠠᠸᠠ | ᠪᠠᠯᠭᠠᠰᠦ ᠪᠠᠷ ᠤᠷᠤᠰᠤᠨ ᠦᠩᠭᠡᠷᠡᠬᠦ ᠨᠠᠷᠢᠳ ᠤᠨ ᠭᠤᠣᠯ ᠪᠣᠯᠤᠨ᠎ᠠ᠃ | | | | | | | | ᠠᠤᠬᠠᠨ ᠬᠤᠰᠢᠭᠤᠨ ᠤ ᠤᠯᠠᠭᠠᠬᠤᠰᠤ ᠴᠥᠭᠦᠷᠥᠮ ᠤᠨ ᠵᠢᠵᠢᠭ ᠨᠤᠭᠤ ᠭᠠᠵᠠᠷ ᠨᠢ ᠤᠯᠠᠭᠠᠬᠤᠰᠤ ᠴᠥᠭᠦᠷᠥᠮ ᠤᠨ | ᠳᠡᠭᠡᠳᠦ ᠤᠷᠤᠰᠬᠠᠯ ᠳᠤ ᠪᠠᠶᠢᠷᠢᠯᠠᠵᠤ᠂ ᠬᠥᠮᠦᠨ ᠤ ᠬᠦᠴᠦᠨ ᠤ ᠨᠤᠭᠤ ᠭᠠᠵᠠᠷ ᠲᠤ ᠬᠠᠷᠢᠶᠠᠯᠠᠭᠳᠠᠵᠤ᠂ ᠬᠤᠶᠠᠷ | ᠲᠠᠯ᠎ᠠ ᠪᠠᠷ ᠨᠢ ᠤᠰᠤᠨ ᠤ ᠤᠷᠭᠤᠮᠠᠯ ᠤᠨ ᠬᠤᠴᠢᠯᠭ᠎ᠠ ᠪᠠ ᠲᠠᠷᠢᠶᠠᠨ ᠭᠠᠵᠠᠷ ᠪᠠᠶᠢᠵᠤ᠂ ᠨᠡᠭᠦᠳᠡᠯ ᠤᠨ ᠰᠢᠪᠠᠭᠤᠳ ᠤᠨ | ᠢᠳᠡᠰᠢ ᠡᠷᠢᠵᠦ ᠠᠮᠢᠳᠤᠷᠠᠬᠤ ᠳᠤ ᠠᠰᠢᠭᠲᠠᠶ ᠪᠠᠶᠢᠳᠠᠭ᠃ | | | | | | ᠤᠯᠠᠭᠠᠬᠤᠰᠤ ᠴᠥᠭᠦᠷᠥᠮ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠮᠠᠰᠢ ᠡᠯᠪᠡᠭ᠂ ᠰᠢᠪᠠᠭᠤᠨ ᠤ | ᠲᠦᠷᠦᠯ 16 ᠪᠠᠭ 41 ᠢᠵᠠᠭᠤᠷ 143 ᠲᠥᠷᠥᠯ ᠪᠠᠶᠢᠵᠤ᠂ ᠡᠭᠦᠨ ᠳᠤ ᠤᠯᠤᠰ ᠤᠨ ᠨᠢᠭᠡᠳᠦᠭᠡᠷ ᠳᠡᠰ ᠤᠨ | ᠬᠠᠮᠠᠭᠠᠯᠠᠯᠲᠠ ᠶᠢᠨ ᠰᠢᠪᠠᠭᠤᠨ ᠤ ᠲᠥᠷᠥᠯ 2 ᠵᠦᠢᠯ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ | ᠰᠢᠪᠠᠭᠤᠨ ᠤ ᠲᠥᠷᠥᠯ 21 ᠵᠦᠢᠯ ᠪᠠᠶᠢᠨ᠎ᠠ᠃ ᠬᠡᠭᠡᠷ᠎ᠡ ᠶᠢᠨ ᠠᠮᠢᠲᠠᠨ ᠤ ᠲᠦᠷᠦᠯ 6 ᠪᠠᠭ13 ᠢᠵᠠᠭᠤᠷ 28 ᠲᠦᠷᠦᠯ | ᠪᠠᠶᠢᠵᠤ᠂ ᠵᠢᠭᠠᠰᠤᠨ ᠤ ᠲᠥᠷᠥᠯ 3 ᠪᠠᠭ 5 ᠢᠵᠠᠭᠤᠷ 13 ᠲᠥᠷᠥᠯ ᠤᠨ ᠪᠠᠶᠢᠵᠤ᠂ ᠡᠭᠦᠨ ᠠᠴᠠ ᠭᠠᠳᠠᠨ᠎ᠠ ᠪᠠᠰᠠ ᠮᠠᠰᠢ | ᠣᠯᠠᠨ ᠰᠢᠪᠠᠵᠢ ᠶᠢᠨ ᠡᠬᠢ ᠪᠠᠶᠠᠯᠢᠭ ᠪᠠ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠪᠠᠶᠢᠳᠠᠭ᠃ ᠤᠯᠠᠭᠠᠬᠤᠰᠤ | ᠴᠥᠭᠦᠷᠥᠮ ᠵᠢᠴᠢ ᠳᠡᠭᠡᠳᠦ ᠤᠷᠤᠰᠬᠠᠯ ᠤᠨ ᠨᠤᠭᠤ ᠭᠠᠵᠠᠷ ᠨᠢ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠤᠯᠠᠷᠢᠯ ᠪᠣᠯᠬᠤ | ᠪᠦᠷᠢ ᠣᠷᠤᠰᠢᠨ ᠠᠮᠢᠳᠤᠷᠠᠬᠤ ᠣᠷᠤᠨ ᠪᠣᠯᠵᠤ ᠰᠢᠪᠠᠭᠤᠳ ᠤᠨ ᠨᠡᠭᠦᠳᠡᠯᠯᠡᠬᠦ ᠬᠤᠭᠤᠴᠠᠭ᠎ᠠ ᠪᠣᠯᠪᠠᠯ ᠮᠢᠩᠭ᠎ᠠ ᠭᠠᠷᠤᠢ | ᠨᠡᠭᠦᠳᠡᠯ ᠤᠨ ᠰᠢᠪᠠᠭᠤ ᠴᠤᠭᠯᠠᠷᠠᠵᠤ ᠣᠷᠤᠰᠢᠨ ᠠᠮᠢᠳᠤᠷᠠᠳᠠᠭ ᠪᠠᠶᠢᠨ᠎ᠠ᠃ | | | | ᠠᠤᠬᠠᠨ ᠬᠤᠰᠢᠭᠤᠨ ᠳᠤ ᠣᠲᠣ ᠨᠤᠭᠤ ᠭᠠᠵᠠᠷ ᠤᠨ ᠲᠠᠯᠠᠪᠠᠶ ︽ᠨᠤᠭᠤ ᠭᠠᠵᠠᠷ ᠤᠨ ᠨᠡᠶᠢᠲᠡ ᠶᠢᠨ ᠭᠡᠷ᠎ᠡ ᠶᠢᠨ | ᠰᠢᠰᠲ᠋ᠧᠮ︾ 7348.5 ᠾᠧᠺᠲ᠋ᠠᠷ ᠪᠠᠶᠢᠨ᠎ᠠ᠃ ᠪᠠᠶᠢᠭᠠᠯᠢ ᠶᠢᠨ ᠨᠤᠭᠤ ᠭᠠᠵᠠᠷ ᠤᠨ ᠲᠠᠯᠠᠪᠠᠶ 5478.06 ᠾᠧᠺᠲ᠋ᠠᠷ | ᠪᠠᠭᠲᠠᠨ᠎ᠠ᠂ ᠡᠭᠦᠨ ᠳᠤ ᠭᠤᠤᠯ ᠮᠥᠷᠡᠨ ᠤ ᠨᠤᠭᠤ ᠭᠠᠵᠠᠷ 5194.42 ᠾᠧᠺᠲ᠋ᠠᠷ᠂ ᠨᠠᠭᠤᠷ ᠪᠦᠷᠢᠳᠦ 18.93 | ᠾᠧᠺᠲ᠋ᠠᠷ᠂ ᠳᠣᠲᠣᠭᠠᠳᠤ ᠬᠠᠭᠤᠷᠠᠶ ᠶᠢᠨ ᠲᠠᠩ 264.71 ᠾᠧᠺᠲ᠋ᠠᠷ︔ ᠬᠥᠮᠦᠨ ᠤ ᠬᠦᠴᠦᠨ ᠤ ᠨᠤᠭᠤ ᠭᠠᠵᠠᠷ ᠤᠨ | ᠲᠠᠯᠠᠪᠠᠶ 1870.44 ᠾᠧᠺᠲ᠋ᠠᠷ᠂ ᠡᠭᠦᠨ ᠳᠤ᠄ ᠭᠤᠤᠯ ᠰᠤᠪᠠᠭ 84.18 ᠾᠧᠺᠲ᠋ᠠᠷ᠂ ᠭᠤᠤ ᠰᠤᠪᠠᠭ 431.96 | ᠾᠧᠺᠲ᠋ᠠᠷ᠂ ᠤᠰᠤᠨ ᠴᠥᠭᠦᠷᠥᠮ ᠤᠨ ᠤᠰᠤᠨ ᠭᠠᠳᠠᠷᠭᠤ 1168.89 ᠾᠧᠺᠲ᠋ᠠᠷ᠂ ᠨᠦᠬᠡ ᠶᠢᠨ ᠤᠰᠤᠨ ᠭᠠᠳᠠᠷᠭᠤ | 185.41 ᠾᠧᠺᠲ᠋ᠠᠷ᠃ | | | | | | |