| 3 ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠰᠢᠩ ᠮᠥ ᠵᠢᠦ ᠶᠤᠸᠠᠨ ᠮᠠᠯ ᠠᠵᠤ ᠠᠬᠤᠶ ᠶᠢᠨ | ᠬᠢᠵᠠᠭᠠᠷᠲᠤ ᠺᠣᠮᠫᠠᠨᠢ ᠶᠢᠨ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠡᠬᠢᠯᠡᠵᠦ᠂ ᠠᠤᠬᠠᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ᠂ ᠰᠧ ᠳ᠋ᠤᠤ ᠸᠠᠨ ᠽᠢ ᠪᠠᠯᠭᠠᠰᠤᠨ ᠤ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠵᠠᠬ᠎ᠠ ᠳᠡᠯᠭᠡᠭᠦᠷ ᠨᠡᠭᠡᠭᠡᠬᠦ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠢᠩ ᠮᠥ ᠵᠢᠦ ᠶᠤᠸᠠᠨ ᠮᠠᠯ ᠠᠵᠤ ᠠᠬᠤᠶ ᠶᠢᠨ | ᠬᠢᠵᠠᠭᠠᠷᠲᠤ ᠺᠣᠮᠫᠠᠨᠢ ᠶᠢᠨ ᠠᠤᠬᠠᠨ ᠤ ᠦᠬᠡᠷ ᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠪᠠᠶᠠᠷ ᠤᠨ ᠦᠭᠡ | ᠬᠡᠯᠡᠵᠦ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠬᠤᠩ | ᠹᠧᠩ ᠥᠪᠥᠷ ᠮᠣᠩᠭᠤᠯ ᠤᠨ ᠰᠢᠩ ᠮᠥ ᠵᠢᠦ ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠠᠤᠬᠠᠨ ᠤ | ᠦᠬᠡᠷ ᠤᠨ ᠵᠠᠬ᠎ᠠ ᠳᠡᠯᠭᠡᠭᠦᠷ ᠵᠢᠩᠬᠢᠨᠢ ᠪᠠᠷ ᠨᠡᠭᠡᠭᠡᠭᠳᠡᠬᠦ ᠶᠢ ᠵᠠᠷᠯᠠᠪᠠ᠃ ᠵᠠᠬ᠎ᠠ ᠳᠡᠯᠭᠡᠭᠦᠷ ᠤᠨ ᠠᠷᠠᠯᠵᠢᠶᠠᠨ ᠤ | ᠲᠣᠭᠤᠷᠢᠭ ᠲᠤ᠂ ᠬᠤᠳᠠᠯᠳᠤᠭᠠᠴᠢᠨ᠂ ᠲᠡᠵᠢᠭᠡᠨ ᠦᠷᠡᠵᠢᠭᠦᠯᠬᠦ ᠡᠷᠦᠬᠡ ᠲᠠᠰᠤᠷᠠᠯᠲᠠ ᠥᠬᠡᠶ ᠣᠯᠠᠰᠢᠷᠠᠵᠤ᠂ | ᠠᠯᠠᠰᠢᠨ ᠦᠬᠡᠷ ᠳᠦᠭᠦᠷᠦᠭᠰᠡᠨ ᠪᠠᠷᠠᠭᠠᠨ ᠤ ᠲᠡᠷᠭᠡ ᠣᠷᠤᠨ ᠭᠠᠷᠤᠨ᠂ ᠬᠥᠮᠦᠰ ᠭᠤᠷᠪᠠ ᠲᠠᠪᠤ ᠪᠠᠷ ᠴᠤᠭᠯᠠᠷᠠᠨ | ᠦᠨ᠎ᠡ ᠬᠠᠩᠰᠢ ᠶᠠᠷᠢᠯᠴᠠᠵᠤ᠂ ᠲᠤᠬᠠᠶ ᠶᠢᠨ ᠲᠠᠯᠠᠪᠤᠷ ᠲᠤ ᠬᠥᠷ ᠬᠥᠭᠵᠢᠶᠡᠨ ᠲᠠᠢ ᠪᠠᠶᠢᠳᠠᠯ ᠢᠯᠡᠷᠡᠪᠡ᠃ | ᠵᠠᠬ᠎ᠠ ᠳᠡᠯᠭᠡᠭᠦᠷ ᠨᠡᠭᠡᠭᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠵᠠᠩ ᠬᠤᠩ ᠹᠧᠩ ᠨᠠᠷ ᠠᠷᠠᠯᠵᠢᠶᠠᠨ ᠤ | ᠲᠠᠯᠠᠪᠤᠷ ᠲᠤ ᠬᠦᠷᠴᠦ ᠲᠤᠬᠠᠶ ᠶᠢᠨ ᠲᠠᠯᠠᠪᠤᠷ ᠲᠤ ᠲᠣᠭᠤᠷᠢᠨ ᠦᠵᠡᠵᠦ᠂ ᠲᠠᠯᠠᠪᠤᠷ ᠭᠠᠵᠠᠷ ᠤᠨ ᠬᠡᠪᠴᠢᠶ᠎ᠡ᠂ | ᠠᠷᠠᠯᠵᠢᠶᠠᠨ ᠤ ᠭᠤᠭᠴᠤᠭ᠎ᠠ᠂ ᠠᠰᠢᠭ ᠣᠯᠵᠠᠪᠤᠷᠢ ᠶᠢᠨ ᠵᠠᠭᠪᠤᠷ᠂ ᠲᠦᠷ ᠬᠠᠳᠠᠭᠠᠯᠠᠬᠤ ᠪᠠ ᠨᠠᠶᠢᠳᠠᠨ ᠲᠡᠵᠢᠭᠡᠯᠭᠡᠬᠦ | ᠦᠢᠯᠡᠴᠢᠯᠡᠭᠡ ᠵᠡᠷᠭᠡ ᠨᠠᠷᠢᠨ ᠵᠦᠢᠯᠡᠰ ᠢ ᠨᠠᠷᠢᠯᠢᠭ ᠣᠶᠢᠯᠠᠭᠠᠪᠠ᠃ ᠵᠠᠩ ᠬᠤᠩ ᠹᠧᠩ ᠂ ᠠᠯᠠᠰᠢᠨ ᠦᠬᠡᠷ ᠪᠣᠯ | ᠮᠠᠨ ᠤ ᠬᠤᠰᠢᠭᠤᠨ ᠤ ᠭᠤᠷᠪᠠᠨ ᠶᠡᠭᠡ ᠭᠤᠤᠯᠯᠠᠬᠤ ᠠᠵᠤ ᠦᠢᠯᠡᠰ ᠤᠨ ᠨᠢᠭᠡ ᠪᠣᠯᠤᠨ᠎ᠠ᠂ ᠣᠶᠢᠷ᠎ᠠ ᠶᠢᠨ ᠵᠢᠯ ᠳᠤ᠂ | ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠶ ᠠᠬᠢᠭᠤᠯᠤᠭᠰᠠᠭᠠᠷ ᠢᠷᠡᠵᠡᠶ᠂ ᠥᠪᠥᠷ ᠮᠣᠩᠭᠤᠯ ᠤᠨ ᠰᠢᠩ ᠮᠥ ᠵᠢᠦ ᠶᠤᠸᠠᠨ ᠮᠠᠯ | ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠠᠤᠬᠠᠨ ᠤ ᠦᠬᠡᠷ ᠤᠨ ᠵᠠᠬ᠎ᠠ ᠳᠡᠯᠭᠡᠭᠦᠷ ᠨᠢ ᠮᠠᠨ ᠤ ᠬᠤᠰᠢᠭᠤᠨ ᠤ | ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠵᠠ ᠲᠣᠬᠢᠶᠠᠯ ᠣᠯᠭᠤᠵᠤ᠂ ᠪᠥᠬᠦ | ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ | ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠢᠯᠡᠷᠬᠡᠶᠢᠯᠡᠪᠡ᠃ | ᠥᠪᠥᠷ ᠮᠣᠩᠭᠤᠯ ᠤᠨ ᠰᠢᠩ ᠮᠦ ᠵᠢᠦ ᠶᠤᠸᠠᠨ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠠᠤᠬᠠᠨ ᠤ | ᠦᠬᠡᠷ ᠤᠨ ᠵᠠᠬ᠎ᠠ ᠳᠡᠯᠭᠡᠭᠦᠷ ᠨᠢ ᠵᠢᠷᠤᠮᠵᠢᠭᠰᠠᠨ᠂ ᠣᠳᠣᠬᠢᠴᠢᠯᠠᠭᠰᠠᠨ᠂ ᠮᠡᠳᠡᠭᠡ ᠵᠠᠩᠭᠢᠴᠢᠯᠠᠭᠰᠠᠨ ᠠᠮᠢᠳᠤ ᠮᠠᠯ ᠤᠨ | ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠠᠷᠠᠯᠵᠢᠶᠠᠨ ᠤ ᠲᠠᠯᠠᠪᠤᠷ ᠭᠠᠵᠠᠷ᠂ | ᠦᠢᠯᠡᠴᠢᠯᠡᠭᠡᠨ ᠤ ᠶᠡᠭᠡ ᠲᠢᠩᠬᠢᠮ᠂ ᠲᠦᠷ ᠬᠠᠳᠠᠭᠠᠯᠠᠬᠤ ᠲᠡᠵᠢᠭᠡᠬᠦ ᠦᠢᠯᠡᠴᠢᠯᠡᠭᠡ ᠵᠡᠷᠭᠡ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠪᠡ᠂ ᠳᠠᠷᠠᠭᠠᠴᠢ ᠪᠠᠷ ᠺᠣᠮᠫᠠᠨᠢ ᠠᠷᠠᠯᠵᠢᠶᠠᠨ ᠤ ᠵᠠᠬ᠎ᠠ ᠳᠡᠯᠭᠡᠭᠦᠷ ᠤᠨ | ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢᠳᠤ ᠮᠠᠯ ᠤᠨ ᠠᠷᠠᠯᠵᠢᠶᠠᠨ ᠤ ᠨᠠᠩ ᠵᠢᠷᠤᠮᠵᠢᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠤᠨ᠎ᠠ᠃ | ᠳᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠦᠷᠭᠦᠯᠵᠢᠯᠡᠨ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠬᠥᠭᠵᠢᠯᠲᠡ ᠶᠢᠨ ᠳᠠᠪᠠᠭᠤᠯᠢᠭ ᠲᠠᠭᠠᠨ | ᠰᠠᠭᠤᠷᠢᠯᠠᠨ᠂ ᠤᠨᠴᠠᠯᠢᠭᠳᠤ ᠵᠠᠮ ᠢᠶᠠᠷ ᠰᠠᠶᠢᠲᠤᠷ ᠵᠠᠮᠨᠠᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠲᠠᠰ | ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠠᠷᠠᠳ ᠣᠯᠠᠨ ᠤ | ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠪᠠᠲᠤ ᠰᠠᠭᠤᠷᠢ ᠲᠠᠯᠪᠢᠨ᠎ᠠ᠃ | | | | | | | | | | | | | | | | | | | | | | | | | |